| ᠰᠢᠨᠬᠤᠸᠠ ᠬᠤᠷᠢᠶ᠎ᠠ ᠶᠢᠨ ᠰᠠᠨ ᠹᠷᠠᠨᠰᠢᠰᠺᠦ ᠶᠢᠨ 11 ᠰᠠᠷ᠎ᠠ ᠶᠢᠨ 17 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 17 ᠤ | ᠦᠳᠡ ᠶᠢᠨ ᠡᠮᠦᠨ᠎ᠡ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠳᠤᠭᠠᠷ | ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠠᠮᠧᠷᠢᠺᠠ ᠶᠢᠨ ᠰᠠᠨ ᠹᠷᠠᠨᠰᠢᠰᠺᠦ ᠶᠢᠨ ᠮᠤᠰᠺᠧᠨᠢ ᠲᠥᠪ ᠲᠤ ᠶᠠᠪᠤᠭᠳᠠᠪᠠ ᠃ | ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ ᠤᠭ ᠰᠠᠨᠠᠭ᠎ᠠ ᠪᠠᠨ ᠪᠠᠲᠤ ᠰᠠᠬᠢᠵᠤ ᠪᠦᠯᠬᠦᠮᠳᠡᠨ ᠬᠠᠮᠲᠤᠷᠠᠯᠴᠠᠵᠤ ᠠᠽᠢᠶ᠎ᠠ ᠲᠢᠪ | ᠨᠣᠮᠣᠬᠠᠨ ᠲᠡᠯᠡᠶ ᠶᠢᠨ ᠣᠷᠣᠨ ᠤ ᠴᠢᠨᠠᠷ ᠰᠠᠶᠢᠲᠠᠢ ᠨᠡᠮᠡᠭᠳᠡᠯ ᠢ ᠭᠠᠷ ᠬᠤᠯᠪᠣᠯᠴᠠᠨ ᠬᠠᠮᠲᠤ ᠪᠠᠷ ᠠᠬᠢᠭᠤᠯᠤᠶ᠎ᠠ ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ ᠃ | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 17 ᠤ ᠦᠳᠡ ᠶᠢᠨ ᠡᠮᠦᠨ᠎ᠡ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠳᠤᠭᠠᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠠᠮᠧᠷᠢᠺᠠ ᠶᠢᠨ | ᠰᠠᠨ ᠹᠷᠠᠨᠰᠢᠰᠺᠦ ᠶᠢᠨ ᠮᠤᠰᠺᠧᠨᠢ ᠲᠥᠪ ᠲᠤ ᠶᠠᠪᠤᠭᠳᠠᠪᠠ ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ︽ ᠤᠭ ᠰᠠᠨᠠᠭ᠎ᠠ ᠪᠠᠨ | ᠪᠠᠲᠤ ᠰᠠᠬᠢᠵᠤ ᠪᠦᠯᠬᠦᠮᠳᠡᠨ ᠬᠠᠮᠲᠤᠷᠠᠯᠴᠠᠵᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠴᠢᠨᠠᠷ ᠰᠠᠶᠢᠲᠠᠢ ᠨᠡᠮᠡᠭᠳᠡᠯ ᠢ ᠭᠠᠷ ᠬᠤᠯᠪᠣᠯᠴᠠᠨ ᠬᠠᠮᠲᠤ ᠪᠠᠷ | ᠠᠬᠢᠭᠤᠯᠤᠶ᠎ᠠ ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠤᠳᠤᠷᠢᠳᠬᠤ | ᠬᠥᠮᠥᠰ ᠤᠨ ᠲᠣᠭᠲᠠᠮᠠᠯ ᠬᠤᠭᠤᠴᠠᠭᠠᠲᠤ ᠬᠤᠷᠠᠯ ᠤᠨ ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ ᠂ ᠢᠮᠠᠭᠲᠠ ᠪᠦᠭᠦ ᠪᠥᠮᠪᠥᠷᠴᠡᠭ ᠤᠨ ᠨᠡᠭᠡᠭᠡᠯᠲᠡᠲᠤ | ᠬᠥᠭᠵᠢᠯᠲᠡ ᠶᠢᠨ ᠡᠮᠦᠨ᠎ᠡ ᠡᠩᠨᠡᠭᠡᠨ ᠳᠤ ᠶᠠᠪᠤᠵᠤ ᠂ ᠣᠷᠣᠨ ᠪᠦᠰᠡ ᠶᠢᠨ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠂ ᠠᠵᠤ | ᠠᠬᠤᠢ ᠮᠡᠷᠭᠡᠵᠢᠯ ᠤᠨ ᠬᠥᠭᠵᠢᠯᠲᠡ ᠂ ᠡᠳ᠋ ᠪᠣᠳᠠᠰ ᠬᠥᠮᠥᠨ ᠬᠠᠷ᠎ᠠ ᠶᠢᠨ ᠰᠢᠯᠵᠢᠯᠲᠡ ᠶᠢ ᠬᠦᠴᠦᠲᠡᠢ ᠠᠬᠢᠭᠤᠯᠵᠤ ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ︽ | ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠭᠠᠶᠢᠬᠠᠮᠰᠢᠭ ︾ ᠢ ᠡᠭᠦᠳᠴᠡᠢ ᠃ ᠣᠳᠣᠬᠠᠨ ᠳᠤ ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ | ᠶᠡᠭᠡ ᠬᠤᠪᠢᠰᠤᠯᠲᠠ ᠲᠦᠷᠭᠡᠨ ᠤᠯᠠᠷᠢᠵᠤ ᠂ ᠳᠡᠯᠡᠬᠡᠢ ᠶᠢᠨ ᠠᠵᠤ ᠠᠬᠤᠢ ᠤᠯᠠᠨ ᠵᠦᠢᠯ ᠤᠨ ᠠᠶᠤᠯ ᠲᠦᠭᠰᠢᠭᠦᠷᠢ ᠶᠢᠨ ᠥᠷᠢᠰᠦᠯᠳᠦᠭᠡᠨ ᠳᠤ ᠲᠤᠯᠭᠠᠷᠠᠵᠤ ᠂ ᠪᠦᠭᠦ | ᠪᠥᠮᠪᠥᠷᠴᠡᠭ ᠤᠨ ᠨᠡᠮᠡᠭᠳᠡᠯ ᠤᠨ ᠬᠥᠳᠡᠯᠭᠡᠭᠦᠷ ᠪᠣᠯᠤᠭᠰᠠᠨ ᠤ ᠬᠤᠪᠢ ᠳᠤ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠨᠡᠩ ᠶᠡᠭᠡ ᠴᠠᠭ ᠦᠶ᠎ᠡ ᠶᠢᠨ | ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ ᠃ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠤᠳᠤᠷᠢᠳᠬᠤ ᠬᠥᠮᠥᠨ ᠪᠣᠯᠤᠭᠰᠠᠨ ᠤ ᠬᠤᠪᠢ ᠳᠤ ᠂ ᠪᠢᠳᠡ ᠴᠥᠮ | ᠶᠠᠮᠠᠷ ᠶᠠᠩᠵᠤ ᠶᠢᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠢ ᠲᠤᠰ ᠵᠠᠭᠤᠨ ᠤ ᠳᠤᠮᠳᠠᠴᠢ ᠦᠶ᠎ᠡ ᠳᠤ ᠤᠷᠤᠭᠤᠯᠬᠤ ᠪᠤᠢ ︖ ᠠᠽᠢᠶ᠎ᠠ ᠲᠢᠪ ᠨᠣᠮᠣᠬᠠᠨ | ᠲᠡᠯᠡᠶ ᠶᠢᠨ ᠣᠷᠣᠨ ᠤ ᠬᠥᠭᠵᠢᠯᠲᠡ ᠶᠢᠨ ᠲᠠᠷᠠᠭᠠᠴᠢ ᠶᠢᠨ ︽ ᠰᠢᠵᠢᠷ ᠠᠯᠲᠠᠨ ᠭᠤᠴᠢᠨ ᠵᠢᠯ ︾ ᠢ ᠬᠡᠷᠬᠢᠨ ᠴᠣᠭᠴᠠᠯᠠᠬᠤ ᠪᠤᠶ ︖ ᠡᠨᠡ ᠬᠦ ᠶᠠᠪᠤᠴᠠ ᠳᠤ ᠠᠽᠢᠶ᠎ᠠ | ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠬᠡᠷᠬᠢᠨ ᠨᠡᠩ ᠰᠠᠶᠢᠲᠤᠷ ᠪᠠᠳᠠᠷᠠᠭᠤᠯᠬᠤ | ᠪᠤᠢ ︖ ᠭᠡᠳᠡᠭ ᠢ ᠭᠦᠨᠵᠡᠭᠡᠢ ᠰᠡᠳᠬᠢᠨ ᠪᠣᠳᠣᠯᠬᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠪᠢᠳᠡ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠤᠭ ᠰᠠᠨᠠᠭ᠎ᠠ ᠶᠢ ᠪᠠᠷᠢᠮᠲᠠᠯᠠᠵᠤ ᠂ ᠴᠠᠭ ᠦᠶ᠎ᠡ ᠶᠢᠨ | ᠤᠷᠢᠶᠠᠯᠠᠭ᠎ᠠ ᠳᠤ ᠬᠠᠷᠢᠭᠤᠴᠠᠯᠭ᠎ᠠ ᠲᠠᠢ ᠪᠠᠷ ᠬᠠᠷᠢᠭᠤᠯᠲᠠ ᠥᠭᠴᠦ ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠭᠠᠷ ᠬᠤᠯᠪᠣᠯᠴᠠᠨ ᠠᠷᠭᠠᠴᠠᠭᠠᠵᠤ ᠂ | ᠪᠦᠲ᠋ᠧᠯᠠᠵᠢᠶᠠ ᠶᠢᠨ ᠠᠯᠤᠰ ᠤᠨ ᠲᠥᠰᠥᠪ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠨᠡᠭᠡᠭᠡᠯᠲᠡᠲᠡᠢ ᠂ ᠠᠮᠢᠵᠢᠷᠠᠯ ᠤᠨ ᠬᠦᠴᠦᠨ ᠲᠠᠢ ᠂ ᠤᠶᠠᠨ ᠬᠠᠳᠠᠨ ᠂ ᠡᠩᠬᠡ | ᠲᠠᠶᠢᠪᠤᠩ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤ ᠶᠢᠨ ᠴᠣᠭᠴᠠ ᠶᠢ ᠪᠠᠶᠢᠭᠤᠯᠵᠤ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠷᠠᠳ | ᠲᠦᠮᠡᠨ ᠪᠣᠯᠣᠨ ᠦᠷ᠎ᠡ ᠬᠤᠶᠢᠴᠢᠰ ᠤᠨ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠪᠡᠯ ᠵᠣᠬᠢᠨ᠎ᠠ ᠃ | ᠨᠢᠭᠡᠳᠦᠭᠡᠷ ᠲᠤ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠶ᠎ᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠨᠡᠩ ᠢᠳᠡᠪᠬᠢᠲᠡᠢ ᠠᠬᠢᠭᠤᠯᠵᠤ ᠂ ᠨᠡᠭᠡᠭᠡᠯᠲᠡᠲᠤ ᠂ ᠡᠷᠬᠡ ᠲᠡᠭᠰᠢ ᠂ ᠲᠥᠪ ᠭᠤᠣᠯᠴᠢ ᠂ ᠭᠠᠳᠠᠭᠤᠷᠴᠢᠯᠠᠯ ᠦᠭᠡᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠭᠵᠢᠯᠲᠡ ᠶᠢᠨ ᠣᠷᠴᠢᠨ ᠢ ᠭᠠᠷ ᠬᠤᠯᠪᠣᠯᠴᠠᠨ ᠴᠣᠭᠴᠠᠯᠠᠶ᠎ᠠ ᠃ ᠲᠣᠭᠠᠴᠢᠯᠠᠯᠲᠠ ᠶᠢᠨ ᠭᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ ᠂ | ᠲᠣᠭᠠᠴᠢᠯᠠᠯᠲᠠ ᠶᠢᠨ ᠵᠠᠭᠠᠭ ᠢ ᠪᠠᠭᠠᠰᠬᠠᠵᠤ ᠂ ᠲᠣᠮᠣ ᠳ᠋ᠠᠶᠢᠲ᠋ᠠ ᠂ ᠡᠭᠦᠯᠡᠨ ᠪᠣᠳᠣᠯᠲᠠ ᠂ ᠵᠣᠬᠢᠶᠠᠮᠠᠯ ᠣᠶᠤᠨ ᠴᠢᠳᠠᠪᠤᠷᠢ ᠂ ᠺᠸᠠᠨ᠋ᠲ ᠪᠣᠳᠣᠯᠲᠠ ᠵᠡᠷᠭᠡ ᠰᠢᠨ᠎ᠡ | ᠮᠡᠷᠭᠡᠵᠢᠯ ᠤᠨ ᠬᠡᠷᠡᠭᠯᠡᠯᠲᠡ ᠶᠢ ᠳᠡᠮᠵᠢᠵᠦ ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ | ᠲᠠᠰᠤᠷᠠᠯᠲᠠ ᠦᠭᠡᠢ ᠪᠤᠶ ᠪᠣᠯᠭᠠᠶ᠎ᠠ ᠃ ᠳᠤᠮᠳᠠᠳᠤ ᠤᠯᠤᠰ ᠤᠨ ᠬᠢᠨ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠂ ᠠᠵᠤ ᠠᠬᠤᠶᠢᠯᠠᠯ ᠤᠨ ᠲᠣᠭᠠᠴᠢᠯᠠᠭᠰᠠᠨ ᠪᠡᠶ᠎ᠡ ᠶᠢᠨ ᠭᠠᠷᠤᠯ ᠂ | ᠲᠣᠭᠠᠴᠢᠯᠠᠭᠰᠠᠨ ᠮᠡᠷᠭᠡᠵᠢᠯ ᠢᠶᠠᠷ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ | ᠰᠠᠨᠠᠭᠠᠴᠢᠯᠠᠭ᠎ᠠ ᠶᠢ ᠳᠤᠷᠠᠳᠴᠤ ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠬᠥᠭᠵᠢᠯᠲᠡ ᠳᠤ ᠨᠠᠩ ᠰᠠᠶᠢᠲᠤᠷ ᠢᠶᠠᠷ ᠡᠨᠧᠷᠭᠢ ᠨᠡᠮᠡᠷᠢᠯᠡᠪᠡ ᠃ | ᠬᠤᠶᠠᠳᠤᠭᠠᠷ ᠲᠤ ᠂ ᠨᠡᠭᠡᠭᠡᠯᠲᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠶ᠎ᠠ ᠃ ᠴᠢᠯᠦᠭᠡᠲᠡᠢ ᠨᠡᠭᠡᠭᠡᠯᠲᠡᠲᠤ ᠠᠷᠠᠯᠵᠢᠶᠠᠨ ᠤ ᠪᠡᠯᠡ ᠣᠷᠣᠭᠤᠯᠤᠯᠲᠠ ᠶᠢ | ᠬᠠᠮᠠᠭᠠᠯᠠᠵᠤ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢ ᠳᠡᠮᠵᠢᠨ | ᠴᠢᠩᠭᠠᠳᠬᠠᠵᠤ ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ ᠂ | ᠠᠵᠤ ᠠᠬᠤᠢ ᠠᠷᠠᠯᠵᠢᠶᠠᠨ ᠤ ᠠᠰᠠᠭᠤᠳᠠᠯ ᠢ ᠤᠯᠤᠰ ᠲᠥᠷᠥᠴᠢᠯᠡᠬᠦ ᠂ ᠵᠡᠪᠰᠡᠭᠵᠢᠭᠦᠯᠬᠦ ᠂ ᠠᠯᠢᠪᠠ ᠪᠦᠭᠦᠨ ᠢ ᠠᠮᠤᠷ ᠲᠦᠪᠰᠢᠨ ᠤ ᠠᠰᠠᠭᠤᠳᠠᠯ ᠪᠤᠯᠭᠠᠬᠤ ᠶᠢ | ᠡᠰᠡᠷᠭᠦᠴᠡᠶ᠎ᠡ ᠃ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ ᠂ ᠠᠽᠢᠶ᠎ᠠ ᠲᠢᠪ ᠨᠣᠮᠣᠬᠠᠨ ᠳᠠᠯᠠᠢ ᠶᠢᠨ | ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠤ ᠠᠬᠢᠴᠠ ᠶᠢ ᠲᠦᠷᠭᠡᠳᠬᠡᠨ ᠠᠬᠢᠭᠤᠯᠤᠶ᠎ᠠ ᠃ ᠳᠤᠮᠳᠠᠳᠤ ᠤᠯᠤᠰ ᠭᠤᠷᠪᠠᠳᠤᠭᠠᠷ ᠬᠤᠭᠤᠴᠠᠭᠠᠨ ᠤ ︽ ᠨᠢᠭᠡ ᠪᠦᠰᠡ | ᠨᠢᠭᠡ ᠵᠠᠮ ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠵᠦ ᠂ ᠪᠦᠭᠦ ᠪᠥᠮᠪᠥᠷᠴᠡᠭ ᠤᠨ | ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ ᠃ | ᠭᠤᠷᠪᠠᠳᠤᠭᠠᠷ ᠲᠤ ᠂ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠶ᠎ᠠ ᠃ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ | ᠪᠠᠷᠢᠮᠲᠠᠯᠠᠵᠤ ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠣᠯᠭᠠᠨ ᠬᠤᠪᠢᠷᠠᠭᠤᠯᠬᠤ ᠶᠢ ᠲᠦᠷᠭᠡᠨ ᠠᠬᠢᠭᠤᠯᠵᠤ ᠂ | ᠨᠡᠭᠦᠷᠡᠰᠦᠲᠥ᠋ᠷᠥᠭᠴᠢ ᠶᠢ ᠪᠠᠭᠠᠰᠬᠠᠬᠤ ᠂ ᠪᠣᠬᠢᠷᠳᠤᠯ ᠢ ᠪᠠᠭᠠᠰᠬᠠᠬᠤ ᠂ ᠨᠣᠭᠤᠭᠠᠷᠠᠭᠤᠯᠤᠯᠲᠠ ᠶᠢ ᠥᠷᠭᠡᠳᠬᠡᠬᠦ ᠂ ᠨᠡᠮᠡᠭᠳᠡᠯ ᠢ ᠲᠡᠭᠡᠭᠰᠢᠯᠡᠭᠦᠯᠭᠦ ᠶᠢ ᠬᠠᠮᠵᠢᠯᠴᠠᠨ | ᠠᠬᠢᠭᠤᠯᠵᠤ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠨᠡᠮᠡᠭᠳᠡᠯ ᠤᠨ ᠪᠣᠬᠢᠷᠳᠤᠯ ᠦᠭᠡᠢ ᠰᠠᠭᠤᠷᠢ ᠶᠢ ᠵᠤᠵᠠᠭᠠᠳᠬᠠᠶ᠎ᠠ ᠃ ᠳᠤᠮᠳᠠᠳᠤ ᠤᠯᠤᠰ ᠤᠨ ᠬᠢᠨ ᠠᠮᠢ | ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠢᠶᠠᠷ | ᠠᠬᠢᠭᠤᠯᠪᠠ ᠃ ᠪᠢᠳᠡ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠣᠬᠢᠷᠳᠤᠯ ᠦᠭᠡᠢ | ᠬᠥᠳᠡᠭᠡ ᠠᠵᠤ ᠠᠬᠤᠢ ᠂ ᠦᠷᠭᠦᠯᠵᠢᠯᠡᠬᠦ ᠬᠤᠳᠠ ᠂ ᠡᠨᠧᠷᠭᠢ ᠶᠢᠨ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠂ ᠳᠠᠯᠠᠢ ᠲᠠᠩᠭᠢᠰ ᠤᠨ | ᠪᠣᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠳᠤᠷᠠᠳᠴᠤ ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠠᠽᠢᠶ᠎ᠠ ᠲᠢᠪ | ᠨᠣᠮᠣᠬᠠᠨ ᠳᠠᠯᠠᠢ ᠶᠢᠨ ᠣᠷᠣᠨ ᠢ ᠬᠠᠮᠲᠤ ᠪᠠᠷ ᠪᠠᠶᠢᠭᠤᠯᠬᠤ ᠶᠢ ᠠᠬᠢᠭᠤᠯᠪᠠ ᠃ | ᠳᠥᠷᠪᠡᠳᠦᠭᠡᠷ ᠲᠤ ᠂ ᠲᠦᠭᠡᠮᠡᠯ ᠠᠰᠢᠭ ᠬᠦᠷᠲᠡᠭᠡᠵᠦ ᠬᠠᠮᠲᠤ ᠪᠠᠷ ᠡᠳ᠋ᠯᠡᠬᠦ ᠶᠢ ᠪᠠᠷᠢᠮᠲᠠᠯᠠᠶ᠎ᠠ ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 | ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠬᠥᠭᠵᠢᠯᠲᠡ ᠶᠢᠨ ᠠᠰᠠᠭᠤᠳᠠᠯ ᠤᠨ ᠤᠯᠠᠨ ᠤᠯᠤᠰ ᠤᠨ | ᠵᠥᠪᠯᠡᠬᠦ ᠵᠦᠢᠯ ᠤᠨ ᠭᠤᠣᠯ ᠪᠠᠶᠢᠷᠢᠨ ᠳᠤ ᠪᠤᠴᠠᠬᠤ ᠶᠢ ᠠᠬᠢᠭᠤᠯᠵᠤ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠤᠯᠠᠭᠠᠨ ᠲᠤᠭ᠎ᠠ ᠶᠢ ᠬᠠᠮᠲᠤ ᠪᠠᠷ ᠰᠢᠢᠳᠪᠦᠷᠢᠯᠡᠶ᠎ᠡ ᠃ ᠡᠯ᠎ᠡ ᠲᠠᠯ᠎ᠠ ᠶᠢᠨ ᠬᠢᠨ ᠤ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠠᠮᠤ ᠪᠤᠳᠠᠭᠠᠨ ᠤ ᠠᠮᠤᠷ ᠲᠦᠪᠰᠢᠨ ᠂ ᠠᠵᠤ | ᠦᠢᠯᠡᠳᠪᠦᠷᠢᠵᠢᠯᠲᠡ ᠂ ᠬᠥᠭᠵᠢᠯᠲᠡ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤ ᠶᠢᠨ | ᠴᠣᠭᠴᠠ ᠶᠢ ᠪᠠᠶᠢᠭᠤᠯᠵᠤ ᠂ ᠡᠯ᠎ᠡ ᠤᠯᠤᠰ ᠤᠨ ᠠᠷᠠᠳ ᠲᠦᠮᠡᠨ ᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ | ᠡᠳ᠋ᠯᠡᠭᠦᠯᠭᠦ ᠶᠢ ᠪᠠᠶᠠᠷᠯᠠᠨ ᠤᠭᠲᠤᠵᠤ ᠪᠠᠶᠢᠨ᠎ᠠ ᠃ ᠳᠤᠮᠳᠠᠳᠤ ᠤᠯᠤᠰ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠥᠷᠨᠢᠭᠦᠯᠬᠦ ᠶᠢ ᠦᠷᠭᠦᠯᠵᠢᠯᠡᠨ ᠳᠡᠮᠵᠢᠵᠦ ᠂ ᠠᠽᠢᠶ᠎ᠠ ᠲᠢᠪ ᠨᠣᠮᠣᠬᠠᠨ ᠳᠠᠯᠠᠢ ᠶᠢᠨ | ᠣᠷᠣᠨ ᠤ ᠬᠥᠭᠵᠢᠯᠲᠡ ᠶᠢᠨ ᠪᠤᠭᠤᠷᠰᠤᠭ ᠢ ᠬᠠᠮᠲᠤ ᠪᠠᠷ ᠲᠣᠮᠣ ᠪᠣᠯᠭᠠᠨ ᠪᠤᠵᠠᠭᠠᠶᠢᠷᠠᠭᠤᠯᠤᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠤᠢ ᠃ ᠳᠤᠮᠳᠠᠳᠤ ᠤᠯᠤᠰ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠪᠠᠷᠢᠮᠲᠠᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠪᠠᠨ ᠪᠡᠶᠡᠯᠡᠭᠦᠯᠬᠦ ᠳᠤ ᠰᠢᠨ᠎ᠡ ᠠᠵᠠ | ᠲᠣᠭᠢᠶᠠᠯ ᠬᠠᠩᠭᠠᠨ᠎ᠠ ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠠᠽᠢᠶ᠎ᠠ ᠲᠢᠪ ᠨᠣᠮᠣᠬᠠᠨ ᠲᠠᠯᠠᠢ ᠶᠢᠨ | ᠣᠷᠣᠨ ᠤ ᠬᠠᠮᠲᠤᠷᠠᠯᠴᠠᠭ᠎ᠠ ᠶᠢᠨ ᠨᠡᠩ ᠤᠯᠠᠨ ᠨᠡᠩ ᠡᠯᠪᠡᠭ ᠦᠷ᠎ᠡ ᠪᠦᠲᠦᠭᠡᠯ ᠣᠯᠬᠤ ᠶᠢ ᠠᠬᠢᠭᠤᠯᠵᠤ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ | ᠳᠠᠷᠠᠭᠠᠴᠢ ᠶᠢᠨ ︽ ᠰᠢᠵᠢᠷ ᠠᠯᠳᠠᠨ ᠭᠤᠴᠢᠨ ᠵᠢᠯ ︾ ᠢ ᠬᠠᠮᠲᠤ ᠪᠠᠷ ᠴᠣᠭᠴᠠᠯᠠᠨ᠎ᠠ ︕ ᠭᠡᠵᠦ ᠴᠢᠬᠤᠯᠠᠴᠢᠯᠠᠪᠠ ᠃ | ᠬᠤᠷᠠᠯ ᠢ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠡᠷᠭᠢᠯᠡᠵᠥ ᠂ ︽ ᠪᠤᠢ ᠪᠦᠬᠦᠢ ᠬᠥᠮᠥᠰ ᠲᠤ ᠬᠠᠳᠠᠨ ᠪᠠᠲᠤ ᠦᠷᠭᠦᠯᠵᠢᠯᠡᠬᠦ ᠢᠷᠡᠭᠡᠳᠦᠢ ᠶᠢ ᠴᠣᠭᠴᠠᠯᠠᠨ | ᠪᠠᠶᠢᠭᠤᠯᠵᠤ ᠥᠭᠭᠦᠶ᠎ᠠ ︾ ᠭᠡᠬᠦ ᠪᠠᠷ ᠭᠤᠣᠯ ᠰᠡᠳᠦᠪ ᠢᠶᠠᠨ ᠪᠣᠯᠭᠠᠪᠠ ᠃ | ᠬᠤᠷᠠᠯ ᠠᠴᠠ ︽ 2023 ᠣᠨ ᠤ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠬᠥᠮᠥᠰ ᠤᠨ ᠰᠠᠨ ᠹᠷᠠᠨᠰᠢᠰᠺᠦ ᠶᠢᠨ ᠲᠤᠩᠬᠠᠭ ︾ ᠢ ᠨᠡᠶᠢᠲᠡᠯᠡᠵᠡᠢ ᠃ | ᠸᠠᠩ ᠢ ᠬᠤᠷᠠᠯ ᠳᠤ ᠣᠷᠣᠯᠴᠠᠵᠠᠢ ᠃ | | | |