| ᠴᠡᠴᠡᠷᠯᠢᠭ ᠢ ᠰᠢᠨ᠎ᠡ ᠪᠠᠷ ᠨᠡᠮᠡᠭᠳᠡᠭᠦᠯᠦᠨ ᠂ ᠨᠣᠭᠤᠭᠠᠷᠠᠭᠤᠯᠤᠯᠲᠠ ᠶᠢᠨ ᠲᠠᠯᠠᠪᠠᠶ ᠶᠢ ᠶᠡᠭᠡ ᠪᠠᠷ ᠦᠷᠬᠡᠳᠬᠡᠵᠦ ᠂ ᠬᠤᠲᠠ ᠶᠢᠨ ᠣᠷᠴᠢᠨ ᠲᠣᠭᠤᠷᠢᠨ ᠢ ᠨᠠᠩ | ᠰᠠᠶᠢᠬᠠᠨ ᠭᠤᠶᠤᠵᠢᠭᠤᠯᠤᠨ᠎ᠠ ︔ ᠲᠣᠣᠷ ᠱᠤᠭᠤᠮ ᠢ ᠰᠢᠨᠡᠴᠢᠯᠡᠵᠦ ᠂ ︽ ᠠᠭᠠᠯᠵᠢᠨ ᠲᠣᠣᠷ ︾ ᠤᠳ ᠢ ᠴᠡᠪᠡᠷᠯᠡᠨ ᠂ ᠤᠬᠳᠠᠷᠭᠤᠢ ᠶᠢᠨ︽ ᠤᠳᠠᠰᠤ ᠦᠬᠡᠢ ᠰᠠᠶᠢᠬᠠᠨ︾ | ᠢ ᠪᠤᠢ ᠪᠤᠯᠭᠠᠪᠠ ︔ ᠬᠠᠭᠤᠴᠢᠨ ᠵᠠᠮ ᠢ ᠥᠭᠡᠷᠡᠴᠢᠯᠡᠵᠦ ᠂ ᠲᠠᠰᠤᠷᠬᠠᠢ ᠵᠠᠮ ᠢ ᠨᠡᠪᠳᠡᠷᠡᠬᠦᠯᠦᠨ ᠂ ᠬᠤᠳᠠ ᠶᠢᠨ ᠠᠷᠠᠳ ᠤᠨ ᠶᠠᠪᠤᠵᠤ ᠰᠠᠭᠤᠬᠤ ᠳᠤ ᠲᠦᠬᠦᠮ | ᠦᠵᠡᠬᠦᠯᠪᠡ ᠁ ᠪᠦᠬᠦ ᠤᠯᠤᠰ ᠤᠨ ᠪᠣᠯᠪᠠᠰᠤᠨ ᠬᠤᠳᠠ ᠶᠢ ᠪᠠᠳᠤᠳᠬᠠᠨ ᠪᠠᠬᠢᠵᠢᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠵᠡᠭᠦᠨᠭᠠᠷ ᠬᠤᠰᠢᠭᠤ | ᠰᠠᠨᠠᠭᠠᠴᠢᠯᠠᠭ᠎ᠠ ᠲᠠᠢ ᠪᠠᠷ ᠠᠵᠢᠯᠯᠠᠨ ᠂ ᠥᠨᠳᠥᠷ ᠲᠦᠪᠰᠢᠨ ᠢᠶᠠᠷ ᠠᠬᠢᠭᠤᠯᠵᠤ ᠂ ᠲᠣᠭᠲᠠᠴᠠ ᠶᠢ ᠪᠠᠶᠢᠭᠤᠯᠤᠨ ᠂ ᠤᠷᠳᠤ ᠬᠤᠭᠤᠴᠠᠭᠠᠨ ᠤ ᠪᠦᠲᠦᠮᠵᠢᠲᠡᠢ | ᠪᠠᠶᠢᠯᠭᠠᠬᠤ ᠶᠢ ᠠᠳᠬᠤᠵᠤ ᠂ ᠳᠤᠲᠠᠭᠤᠳᠠᠯ ᠢ ᠨᠥᠬᠦᠪᠥᠷᠢᠯᠡᠨ ᠂ ᠬᠤᠳᠠ ᠶᠢᠨ ᠪᠠᠶᠢᠷᠢᠰᠢᠯ ᠢ ᠰᠢᠯᠢᠳᠡᠭᠵᠢᠭᠦᠯᠵᠦ ᠂ ᠬᠤᠳᠠ ᠶᠢᠨ ᠠᠮᠢ ᠠᠬᠤᠢ ᠶᠢ ᠰᠠᠶᠢᠵᠢᠷᠠᠭᠤᠯᠤᠨ ᠂ | ᠬᠤᠳᠠ ᠶᠢᠨ ᠴᠢᠨᠠᠷ ᠲᠡᠰ ᠢ ᠱᠤᠭᠤᠵᠤ ᠂ ᠬᠤᠳᠠ ᠶᠢᠨ ᠲᠦᠷᠢ ᠲᠥᠷᠬᠦ ᠶᠢ ᠲᠡᠭᠡᠭᠰᠢᠯᠡᠬᠦᠯᠦᠨ ᠂ ᠪᠦᠬᠦ ᠤᠯᠤᠰ ᠤᠨ ᠪᠣᠯᠪᠠᠰᠤᠨ ᠬᠤᠳᠠ ᠶᠢ ᠬᠠᠮᠲᠤᠪᠠᠷ ᠪᠠᠶᠢᠭᠤᠯᠵᠤ | ᠬᠠᠮᠲᠤᠪᠠᠷ ᠡᠳ᠋ᠯᠡᠬᠦ ᠰᠦᠷ ᠳᠠᠯᠠᠶᠢᠴᠠᠲᠠᠢ ᠬᠦᠴᠦᠨ ᠢ ᠨᠢᠬᠳᠠᠷᠠᠭᠤᠯᠪᠠ ᠃ | | ᠵᠡᠭᠦᠨᠭᠠᠷ ᠬᠤᠰᠢᠭᠤ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠲᠤᠬᠳᠠᠯᠴᠠᠭ᠎ᠠ ᠶᠢᠨ ᠱᠠᠭᠠᠷᠳᠠᠯᠭ᠎ᠠ ᠶᠤᠰᠤᠭᠠᠷ ᠂ ᠪᠣᠯᠪᠠᠰᠤᠨ ᠬᠤᠳᠠ ᠶᠢ ᠡᠬᠦᠳᠦᠨ | ᠪᠠᠶᠢᠭᠤᠯᠬᠤ ᠶᠢ ᠪᠦᠳᠦᠬᠡᠨ ᠪᠠᠶᠢᠭᠤᠯᠤᠯᠲᠠ ᠲᠡᠶᠢᠰᠢ ᠠᠬᠢᠭᠤᠯᠬᠤ ᠂ ᠪᠦᠬᠦ ᠣᠷᠣᠨ ᠪᠦᠰᠡ ᠲᠡᠶᠢᠰᠢ ᠥᠷᠭᠡᠳᠭᠡᠬᠦ ᠂ ᠬᠡᠪ ᠤᠨ ᠪᠠᠶᠢᠳᠠᠯ ᠲᠡᠶᠢᠰᠢ ᠰᠢᠯᠵᠢᠬᠦᠯᠬᠦ ᠶᠢ | ᠦᠷᠭᠦᠯᠵᠢᠯᠡᠨ ᠠᠬᠢᠭᠤᠯᠪᠠ ᠃ ᠦᠷᠭᠦᠯᠵᠢᠯᠡᠨ ᠬᠦᠴᠦᠯᠡᠬᠦ ᠪᠠᠷ ᠳᠠᠮᠵᠢᠨ ᠂ ᠪᠦᠬᠦ ᠤᠯᠤᠰ ᠤᠨ ᠪᠣᠯᠪᠠᠰᠤᠨ ᠬᠤᠳᠠ ᠶᠢᠨ ᠠᠯᠳᠠᠨ ᠦᠰᠦᠭᠲᠦ ᠫᠠᠶᠢᠰᠠ ᠳᠤ ᠬᠡᠷᠡᠯ | ᠬᠢᠯᠪᠠᠭ᠎ᠠ ᠨᠠᠮᠡᠷᠢᠯᠡᠵᠦ ᠂ ᠬᠤᠳᠠ ᠶᠢᠨ ᠴᠢᠨᠠᠷ ᠲᠡᠰ ᠪᠠ ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠬᠦᠯᠪᠡ ᠃ | ᠪᠦᠬᠦ ᠤᠯᠤᠰ ᠤᠨ ᠪᠣᠯᠪᠠᠰᠤᠨ ᠬᠤᠳᠠ ᠶᠢ ᠪᠠᠳᠤᠳᠬᠠᠨ ᠪᠠᠬᠢᠵᠢᠭᠦᠯᠬᠦ ᠳᠤ ᠂ ᠳᠤᠲᠠᠭᠤᠳᠠᠯ ᠢᠶᠠᠨ ᠨᠥᠬᠦᠪᠥᠷᠢᠯᠡᠵᠦ ᠂ ᠳᠠᠪᠠᠭᠤᠯᠢᠭ ᠢᠶᠠᠨ ᠪᠠᠲᠤᠳᠬᠠᠬᠤ ᠬᠡᠷᠡᠭᠲᠡᠢ ᠃ | ᠵᠡᠭᠦᠨᠭᠠᠷ ᠬᠤᠰᠢᠭᠤ ᠪᠣᠯ ᠨᠢᠭᠡᠨ ᠡᠬᠢ ᠪᠠᠶᠠᠯᠢᠭ ᠤᠨ ᠬᠡᠯᠪᠡᠷᠢ ᠶᠢᠨ ᠬᠤᠳᠠ ᠪᠠᠶᠢᠵᠤ ᠂ ᠰᠠᠭᠤᠷᠢ ᠨᠢ ᠬᠠᠷᠢᠴᠠᠩᠭᠤᠢ ᠪᠠᠷ ᠪᠠᠭᠤᠷᠠᠢ ᠪᠣᠯᠬᠤᠷ ᠰᠠᠭᠤᠷᠢ | ᠲᠥᠬᠦᠭᠡᠷᠦᠮᠵᠢ ᠶᠢ ᠦᠳᠳᠡᠷ ᠲᠦᠷᠭᠡᠨ ᠲᠡᠭᠦᠯᠳᠡᠷᠵᠢᠭᠦᠯᠬᠦ ᠴᠢᠬᠤᠯᠠᠳᠡᠢ ᠃ ᠬᠤᠲᠠ ᠬᠥᠳᠡᠭᠡ ᠶᠢᠨ ᠠᠭᠤᠯᠵᠠᠷ ᠬᠡᠰᠡᠭ ᠂ ᠬᠠᠭᠤᠴᠢᠨ ᠰᠠᠭᠤᠭᠠᠯᠢ ᠲᠣᠭᠤᠷᠢᠭ ᠂ ᠵᠡᠭᠡᠯᠢ | ᠭᠤᠳᠤᠮᠵᠢ ᠶᠢ ᠦᠬᠡᠷᠡᠴᠢᠯᠡᠬᠦ ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠂ ᠨᠡᠶᠢᠭᠡᠮ ᠲᠣᠭᠤᠷᠢᠭ ᠤᠨ ᠴᠡᠴᠡᠷᠯᠢᠭ ᠤᠨ | ᠪᠥᠲᠥᠭᠡᠨ ᠪᠠᠶᠢᠭᠤᠯᠤᠯᠲᠠ ᠂ ᠬᠤᠲᠠ ᠶᠢᠨ ᠴᠢᠨᠠᠷ ᠲᠡᠰ ᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠠᠳᠬᠤᠵᠤ ᠂ ᠬᠤᠭ ᠨᠣᠪᠰᠢ ᠶᠢ ᠲᠥᠷᠥᠯ ᠬᠤᠪᠢᠶᠠᠬᠤ ᠶᠢ | ᠴᠢᠩᠭᠠᠳᠬᠠᠵᠤ ᠂ ᠵᠣᠷᠯᠣᠩ ᠤᠨ ᠬᠤᠪᠢᠰᠬᠠᠯ ᠢ ᠠᠬᠢᠭᠤᠯᠪᠠ ︔ ᠡᠷᠦᠶ ᠬᠤᠷᠤᠶ ᠥᠬᠡᠶ ᠲᠠᠳᠠᠬᠰᠠᠨ ᠴᠠᠬᠢᠯᠭᠠᠨ ᠤᠳᠠᠰᠤ ᠶᠢ ᠵᠠᠰᠠᠵᠤ ᠴᠡᠭᠴᠡᠯᠡᠬᠦ ᠶᠢ ᠲᠦᠷᠭᠡᠳᠭᠡᠵᠦ ᠂ | ᠬᠤᠲᠠ ᠶᠢᠨ ︽ ᠠᠭᠠᠯᠵᠢᠨ ᠲᠣᠤᠷ ︾ ᠢ ᠠᠷᠢᠯᠭᠠᠪᠠ ︔ ᠵᠠᠮ ᠤᠨ ᠲᠣᠣᠷ ᠱᠤᠭᠤᠮ ᠤᠨ ᠥᠭᠡᠷᠡᠴᠢᠯᠡᠯᠲᠡ ᠶᠢ ᠲᠦᠷᠭᠡᠳᠭᠡᠵᠦ ᠂ ᠲᠠᠰᠤᠷᠬᠠᠢ ᠵᠠᠮ ᠢ ᠨᠡᠪᠳᠡᠷᠡᠬᠦᠯᠪᠠ ᠃ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠲᠡᠰ ᠢ ᠳᠡᠭᠡᠭᠰᠢᠯᠡᠭᠦᠯᠵᠦ ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠪᠠ ᠃ | ᠪᠦᠬᠦ ᠤᠯᠤᠰ ᠤᠨ ᠪᠣᠯᠪᠠᠰᠤᠨ ᠬᠤᠳᠠ ᠶᠢ ᠪᠠᠳᠤᠳᠬᠠᠨ ᠪᠠᠬᠢᠵᠢᠭᠦᠯᠬᠦ ᠳᠤ ᠂ ᠠᠷᠠᠳ ᠲᠤ ᠠᠰᠢᠭ ᠬᠦᠷᠲᠡᠭᠡᠨ ᠂ ᠦᠨᠡᠨᠬᠦ ᠠᠳᠬᠤᠨ ᠪᠣᠳᠠᠲᠠᠢ ᠠᠵᠢᠯᠯᠠᠬᠤ | ᠬᠡᠷᠡᠭᠳᠡᠢ ᠃ ᠣᠯᠠᠨ ᠲᠦᠮᠡᠨ ᠤ ᠲᠣᠰ ᠪᠡᠶ᠎ᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠂ ᠪᠠᠳᠤᠳᠬᠠᠨ ᠪᠠᠬᠢᠵᠢᠭᠦᠯᠬᠦ ᠬᠠᠷᠠᠭᠠᠰᠤ ᠪᠠᠨ ᠣᠯᠠᠨ ᠲᠦᠮᠡᠨ ᠤ | ᠠᠩᠬᠠᠷᠤᠯ ᠲᠠᠯᠪᠢᠵᠦ ᠪᠠᠶᠢᠭ᠎ᠠ ᠬᠠᠯᠠᠮᠰᠢᠯ ᠠᠰᠠᠭᠤᠳᠠᠯ ᠂ ᠬᠦᠴᠢᠷ ᠠᠰᠠᠭᠤᠳᠠᠯ ᠳᠤ ᠰᠢᠯᠵᠢᠭᠦᠯᠦᠨ ᠰᠢᠯᠤᠭᠤᠳᠬᠠᠵᠦ ᠂ ᠭᠤᠤᠯ ᠳᠡᠳ᠋ ᠵᠠᠮ ᠱᠤᠭᠤᠮ ᠤᠨ ᠠᠷᠢᠭᠤᠨ | ᠴᠡᠪᠡᠷ ᠢ ᠭᠤᠤᠯᠳᠠᠯᠭ᠎ᠠ ᠲᠠᠢ ᠰᠠᠶᠢᠲᠤᠷ ᠬᠢᠵᠦ ᠂ ᠠᠷᠢᠭᠤᠨ ᠴᠡᠪᠡᠷ ᠢ ᠪᠠᠲᠤᠯᠠᠪᠠ ︔ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠦᠷᠭᠦᠯᠵᠢᠯᠡᠨ | ᠪᠠᠲᠤᠯᠠᠵᠤ ᠂ ᠳᠡᠯᠭᠡᠭᠦᠷ ᠠᠴᠠ ᠭᠠᠷᠭᠠᠨ ᠳᠤᠷ᠎ᠠ ᠪᠠᠷ ᠳᠡᠯᠭᠡᠨ ᠬᠤᠳᠠᠯᠳᠤᠬᠤ ᠦᠵᠡᠭᠳᠡᠯ ᠤᠨ ᠲᠠᠬᠢᠨ ᠭᠠᠷᠬᠤ ᠶᠢ ᠰᠡᠷᠭᠡᠶᠢᠯᠡᠪᠠ ︔ ᠲᠡᠷᠭᠡ ᠵᠣᠭᠰᠣᠭᠠᠬᠤ ᠳᠤ | ᠬᠦᠴᠢᠷ ᠲᠠᠢ ᠂ ᠲᠤᠷ᠎ᠠ ᠲᠠᠪᠠ ᠪᠠᠷ ᠢᠶᠠᠨ ᠵᠠᠷ ᠮᠡᠳᠡᠭᠡ ᠨᠠᠭᠠᠬᠤ ᠂ ᠳᠤᠷ᠎ᠠ ᠪᠠᠷ ᠪᠠᠷᠢᠯᠭ᠎ᠠ ᠪᠠᠷᠢᠬᠤ ᠵᠡᠷᠭᠡ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠪᠠ | ᠬᠤᠲᠠ ᠶᠢᠨ ᠬᠠᠮᠢᠶᠠᠷᠤᠯᠲᠠ ᠲᠠᠢ ᠬᠤᠯᠪᠣᠭᠳᠠᠬᠰᠠᠨ ᠬᠦᠴᠢᠷ ᠠᠰᠠᠭᠤᠳᠠᠯ ᠢ ᠬᠦᠴᠦ ᠲᠠᠯᠪᠢᠨ ᠰᠠᠶᠢᠲᠤᠷ ᠰᠢᠢᠳᠪᠦᠷᠢᠯᠡᠪᠠ ︔ ᠤᠬᠠᠭᠤᠯᠵᠤ ᠬᠥᠲᠥᠯᠥᠨ | ᠵᠢᠯᠣᠭᠤᠳᠬᠤ ᠪᠠᠨ ᠴᠢᠩᠭᠠᠳᠬᠠᠵᠤ ᠂ ᠰᠠᠶᠢᠨ ᠲᠤᠷᠠᠴᠤᠤᠯ ᠤᠨ ᠬᠦᠴᠦᠨ ᠢ ᠭᠦᠢᠴᠡᠳ ᠪᠠᠳᠠᠷᠠᠭᠤᠯᠵᠤ ᠂ ᠤᠯᠠᠨ ᠲᠦᠮᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ | ᠡᠳ᠋ᠯᠡᠬᠦ ᠬᠠᠷᠢᠭᠤᠴᠠᠯᠭᠠᠲᠤ ᠰᠡᠳᠭᠢᠯᠭᠡ ᠪᠠ ᠢᠳᠡᠪᠬᠢ ᠴᠢᠨᠠᠷ ᠢ ᠳᠠᠶᠢᠴᠢᠯᠠᠪᠠ ᠃ | | ᠪᠦᠬᠦ ᠤᠯᠤᠰ ᠤᠨ ᠪᠣᠯᠪᠠᠰᠤᠨ ᠬᠤᠳᠠ ᠶᠢ ᠪᠠᠳᠤᠳᠬᠠᠨ ᠪᠠᠬᠢᠵᠢᠭᠦᠯᠬᠦ ᠳᠤ ᠂ ᠪᠣᠯᠪᠠᠰᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ ᠂ ᠪᠣᠯᠪᠠᠰᠤᠨ ᠬᠡᠪ ᠰᠤᠷᠲᠠᠯ ᠢ | ᠪᠦᠷᠢᠯᠳᠦᠬᠦᠯᠬᠦ ᠬᠡᠷᠡᠭᠳᠡᠢ ᠃ ᠪᠦᠬᠦ ᠤᠯᠤᠰ ᠤᠨ ᠪᠣᠯᠪᠠᠰᠤᠨ ᠬᠤᠳᠠ ᠶᠢ ᠪᠠᠳᠤᠳᠬᠠᠨ ᠪᠠᠬᠢᠵᠢᠭᠦᠯᠬᠦ ᠶᠢᠨ ᠴᠢᠬᠤᠯᠠ ᠠᠭᠤᠯᠭ᠎ᠠ ᠨᠢ ᠬᠤᠳᠠ ᠶᠢᠨ ᠠᠷᠠᠳ ᠤᠨ ᠪᠦᠬᠦᠯᠢ | ᠴᠣᠭᠴᠠ ᠶᠢᠨ ᠬᠡᠪ ᠴᠢᠨᠠᠷ ᠪᠠ ᠬᠤᠳᠠ ᠶᠢᠨ ᠪᠦᠬᠦᠯᠢ ᠴᠣᠭᠴᠠ ᠶᠢᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ ᠳᠤ ᠪᠤᠢ ᠃ ᠬᠤᠳᠠ ᠶᠢᠨ ᠠᠷᠠᠳ ᠤᠨ ᠪᠣᠯᠪᠠᠰᠤᠨ | ᠦᠢᠯᠡ ᠠᠵᠢᠯᠯᠠᠭ᠎ᠠ ᠶᠢ ᠬᠥᠮᠦᠵᠢᠭᠦᠯᠬᠦ ᠬᠥᠮᠦᠵᠢᠯ ᠢ ᠦᠷᠭᠦᠯᠵᠢᠯᠡᠨ ᠥᠷᠨᠢᠭᠦᠯᠵᠦ ᠂ ᠭᠠᠳᠠᠬᠰᠢ ᠶᠠᠪᠤᠬᠤ ᠂ ᠪᠠᠷᠠᠭ᠎ᠠ ᠬᠤᠳᠠᠯᠳᠤᠨ ᠠᠪᠬᠤ ᠂ ᠬᠤᠭᠤᠯᠠ ᠢᠳᠡᠬᠦ ᠂ | ᠲᠡᠷᠭᠡ ᠵᠢᠯᠣᠭᠤᠳᠬᠤ ᠵᠡᠷᠭᠡ ᠦᠢᠯᠡ ᠠᠵᠢᠯᠯᠠᠭ᠎ᠠ ᠶᠢ ᠵᠢᠷᠤᠮᠵᠢᠭᠤᠯᠵᠤ ᠂ ᠬᠤᠳᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠵᠠᠮ ᠬᠠᠷᠢᠯᠴᠠᠭ᠎ᠠ ᠂ | ᠪᠣᠯᠪᠠᠰᠤᠨ ᠵᠤᠭᠠᠴᠠᠯ ᠂ ᠪᠣᠯᠪᠠᠰᠤᠨ ᠬᠤᠭᠤᠯᠠᠨ ᠰᠢᠷᠡᠭᠡ ᠂ ᠪᠣᠯᠪᠠᠰᠤᠨ ᠰᠦᠯᠵᠢᠶᠡᠨ ᠢᠷᠬᠡᠳ ᠪᠤᠯᠬᠤ ᠵᠡᠷᠬᠡ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ ᠂ | ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠂ ᠴᠢᠨᠠᠷ ᠲᠡᠰ ᠢ ᠳᠡᠭᠡᠭᠰᠢᠯᠡᠭᠦᠯᠦᠨ ᠳᠡᠪᠰᠢᠭᠦᠯᠬᠦ ᠶᠢ | ᠪᠦᠬᠦ ᠲᠠᠯ᠎ᠠ ᠪᠠᠷ ᠠᠬᠢᠭᠤᠯᠪᠠ ᠃ | |