| ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 20 ᠤ ᠴᠠᠭᠢᠯᠭᠠᠨ ᠮᠡᠳᠡᠭᠡ 11 ᠰᠠᠷ᠎ᠠ ᠶᠢᠨ 20 ᠤ ᠡᠳᠦᠷ ᠂ ᠳᠤᠮᠳᠠᠳᠤ ᠤᠷᠤᠰ ᠤᠨ ᠲᠦᠷᠦ | ᠪᠠᠷᠢᠭᠴᠢ ᠨᠠᠮ ᠤᠨ ᠶᠠᠷᠢᠯᠴᠠᠭ᠎ᠠ ᠶᠢᠨ ᠲᠣᠭᠲᠠᠴᠠ ᠶᠢᠨ ᠠᠷᠪᠠᠳᠤᠭᠠᠷ ᠤᠳᠠᠭ᠎ᠠ ᠶᠢᠨ ᠬᠤᠷᠠᠯ ᠸᠢᠳᠢᠤ᠋ ᠭᠡᠯᠪᠡᠷᠢ ᠪᠠᠷ ᠶᠠᠪᠤᠭᠳᠠᠪᠠ ᠃ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠣᠷᠣᠰ ᠤᠨ ᠬᠤᠯᠪᠣᠭᠠᠨ ᠤ ᠶᠡᠷᠦᠩᠬᠡᠶᠢᠯᠡᠭᠴᠢ ᠫᠦᠲ᠋ᠢᠨ ᠬᠤᠷᠠᠯ ᠳᠤ ᠲᠣᠰ ᠲᠣᠰ | ᠪᠠᠶᠠᠷ ᠤᠨ ᠵᠠᠬᠢᠳᠠᠯ ᠢᠯᠡᠭᠡᠵᠡᠢ ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ ᠃ ᠲᠡᠷᠡ ᠂ ᠣᠳᠣᠬᠠᠨ ᠳᠤ ᠵᠠᠭᠤᠨ ᠵᠢᠯ ᠳᠤ | ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠴᠦ ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ ᠃ | ᠳᠤᠮᠳᠠᠳᠤ ᠤᠷᠤᠰ ᠤᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠬᠠᠲᠠᠭᠤ ᠴᠢᠩᠭ᠎ᠠ ᠰᠢᠯᠭᠠᠯᠲᠠ ᠶᠢ ᠳᠠᠭᠠᠭᠠᠵᠤ ᠂ ᠢᠮᠠᠭᠲᠠ ᠥᠨᠳᠥᠷ ᠲᠦᠪᠰᠢᠨ | ᠪᠦᠬᠦᠢ ᠬᠥᠭᠵᠢᠯᠲᠡ ᠶᠢ ᠪᠠᠲᠤᠯᠠᠵᠤ ᠂ ᠰᠢᠨ᠎ᠡ ᠮᠠᠶ᠋ᠢᠭ ᠤᠨ ᠲᠣᠮᠣ ᠤᠯᠤᠰ ᠤᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠤᠯᠭᠠᠵᠤ ᠂ ᠪᠦᠭᠦ ᠪᠥᠮᠪᠥᠷᠴᠡᠭ ᠤᠨ | ᠲᠣᠭᠲᠠᠭᠤᠨ ᠬᠥᠭᠵᠢᠯᠲᠡ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠦᠷᠳᠡᠭ ᠢ ᠨᠡᠩ ᠲᠣᠪᠤᠶᠢᠮ᠎ᠠ ᠪᠣᠯᠭᠠᠵᠠᠢ ᠃ ᠢᠷᠡᠬᠦ ᠵᠢᠯ ᠪᠣᠯ ᠳᠤᠮᠳᠠᠳᠤ ᠤᠷᠤᠰ ᠤᠨ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ ᠂ ᠳᠤᠮᠳᠠᠳᠤ ᠤᠯᠤᠰ ᠳᠤᠷᠠᠲᠠᠶ᠎ᠠ ᠤᠷᠤᠰ ᠤᠨ ᠬᠢᠨ ᠲᠠᠢ ᠬᠠᠮᠲᠤ ᠪᠠᠷ ᠲᠡᠦᠬᠡ ᠶᠢᠨ ᠶᠡᠭᠡ ᠬᠠᠨᠳᠤᠰᠢ ᠶᠢ | ᠡᠵᠡᠮᠳᠡᠵᠦ ᠂ ᠥᠨᠢ ᠡᠭᠦᠷᠢᠳᠡ ᠶᠢᠨ ᠡᠶᠡᠯᠳᠡᠭ ᠬᠥᠷᠰᠢ ᠶᠢᠨ ᠨᠥᠬᠦᠷᠯᠡᠯ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠳᠤᠮᠳᠠᠳᠤ ᠤᠷᠤᠰ ᠤᠨ ᠬᠠᠷᠢᠯᠴᠠᠭ᠎ᠠ ᠶᠢ ᠡᠷᠡᠰ ᠬᠥᠭᠵᠢᠭᠦᠯᠵᠦ ᠂ ᠬᠤᠶᠠᠷ ᠤᠯᠤᠰ ᠤᠨ ᠲᠤᠰ ᠲᠤᠰ ᠤᠨ | ᠬᠥᠭᠵᠢᠯ ᠮᠠᠨᠳᠤᠯ ᠢ ᠬᠦᠴᠦᠲᠡᠢ ᠠᠬᠢᠭᠤᠯᠵᠤ ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠨ᠎ᠡ ᠭᠡᠵᠦ ᠬᠡᠯᠡᠪᠡ ᠃ | ᠰᠢ ᠶᠢᠨ ᠫᠢᠩ ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠨᠢᠭᠡᠳᠦᠭᠰᠡᠨ ᠤᠷᠤᠰ ᠨᠠᠮ ᠤᠨ ᠰᠣᠯᠢᠯᠴᠠᠭ᠎ᠠ ᠬᠠᠮᠲᠤᠷᠠᠯᠴᠠᠭ᠎ᠠ ᠪᠣᠯ ᠰᠢᠨ᠎ᠡ ᠴᠠᠭ | ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭᠠᠨ ᠤ ᠴᠢᠬᠤᠯᠠ ᠪᠦᠷᠢᠯᠳᠦᠭᠦᠨ ᠬᠡᠰᠡᠭ ᠪᠣᠯᠣᠨ᠎ᠠ ᠃ ᠳᠤᠮᠳᠠᠳᠤ ᠤᠷᠤᠰ ᠤᠨ ᠲᠦᠷᠦ ᠪᠠᠷᠢᠭᠴᠢ ᠨᠠᠮ ᠤᠨ | ᠶᠠᠷᠢᠯᠴᠠᠭ᠎ᠠ ᠶᠢᠨ ᠲᠣᠭᠲᠠᠴᠠ ᠨᠢ ᠨᠢᠭᠡᠨᠲᠡ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠬᠦ ᠂ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠠᠨ ᠨᠢᠭᠲᠠᠷᠠᠭᠤᠯᠬᠤ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠬᠤ ᠥᠪᠡᠷᠮᠢᠴᠡ ᠠᠷᠭ᠎ᠠ ᠵᠠᠮ ᠪᠠ ᠲᠠᠪᠴᠠᠩ ᠪᠣᠯᠵᠤ ᠬᠥᠭᠵᠢᠪᠡ ᠃ | ᠬᠤᠶᠠᠷ ᠨᠠᠮ ᠤᠨ ᠬᠢᠨ ᠶᠠᠷᠢᠯᠴᠠᠭ᠎ᠠ ᠶᠢᠨ ᠲᠣᠭᠲᠠᠴᠠ ᠶᠢᠨ ᠠᠷᠪᠠᠳᠤᠭᠠᠷ ᠤᠳᠠᠭ᠎ᠠ ᠶᠢᠨ ᠬᠤᠷᠠᠯ ᠢᠶᠠᠷ ᠠᠵᠠ ᠲᠣᠭᠢᠶᠠᠯ ᠪᠤᠯᠭᠠᠵᠤ ᠂ ᠲᠣᠮᠣ ᠤᠯᠤᠰ ᠲᠣᠮᠣ ᠨᠠᠮ ᠤᠨ | ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ ᠂ ᠰᠢᠨ᠎ᠡ ᠴᠠᠭ ᠦᠶ᠎ᠡ ᠶᠢᠨ ᠶᠠᠪᠤᠯᠴᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ ᠂ ᠲᠣᠭᠲᠠᠴᠠ ᠶᠢᠨ ᠴᠢᠨᠠᠷᠲᠠᠢ | ᠰᠣᠯᠢᠯᠴᠠᠭ᠎ᠠ ᠬᠠᠮᠲᠤᠷᠠᠯᠴᠠᠭ᠎ᠠ ᠶᠢᠨ ᠰᠢᠨ᠎ᠡ ᠪᠠᠶᠢᠳᠠᠯ ᠢ ᠡᠭᠦᠳᠴᠦ ᠂ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭ᠎ᠠ ᠶᠢᠨ ᠲᠠᠰᠤᠷᠠᠯᠲᠠ ᠦᠭᠡᠢ | ᠬᠥᠭᠵᠢᠬᠦ ᠶᠢ ᠠᠬᠢᠭᠤᠯᠬᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃ | ᠫᠦᠲ᠋ᠢᠨ ᠪᠠᠶᠠᠷ ᠤᠨ ᠵᠠᠬᠢᠳᠠᠯ ᠳᠠᠭᠠᠨ ᠂ ᠤᠷᠤᠰ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ | ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠣᠷᠣᠰᠢᠵᠤ ᠪᠠᠶᠢᠨ᠎ᠠ ᠃ ᠬᠤᠶᠠᠷ ᠤᠯᠤᠰ ᠢᠶᠠᠷ ᠢᠶᠠᠨ ᠠᠵᠤ ᠠᠬᠤᠢ ᠂ ᠵᠠᠮ ᠬᠠᠷᠢᠯᠴᠠᠭ᠎ᠠ ᠂ ᠡᠨᠧᠷᠭᠢ ᠂ ᠰᠣᠶᠣᠯ | ᠢᠷᠭᠡᠨᠰᠢᠯ ᠵᠡᠷᠭᠡ ᠬᠦᠷᠢᠶᠡᠨ ᠤ ᠠᠯᠢ ᠤᠯᠠᠨ ᠲᠣᠮᠣ ᠭᠡᠯᠪᠡᠷᠢ ᠶᠢᠨ ᠬᠠᠮᠲᠤᠷᠠᠯᠴᠠᠭᠠᠨ ᠤ ᠲᠦᠷᠦᠯ ᠵᠦᠢᠯ ᠢ ᠬᠠᠮᠲᠤ ᠪᠠᠷ ᠠᠬᠢᠭᠤᠯᠵᠤ ᠂ ᠬᠤᠶᠠᠷ ᠲᠠᠯ᠎ᠠ ᠶᠢᠨ ᠠᠷᠭ᠎ᠠ | ᠵᠠᠮ ᠵᠢᠴᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯ᠎ᠠ ᠶᠢᠨ ᠲᠣᠭᠲᠠᠴᠠ ᠶᠢᠨ | ᠵᠣᠬᠢᠴᠠᠭᠤᠯᠬᠤ ᠵᠣᠭᠰᠣᠯᠲᠠ ᠂ ᠴᠢᠬᠤᠯᠠ ᠶᠡᠭᠡ ᠤᠯᠠᠨ ᠤᠯᠤᠰ ᠤᠨ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠭᠤᠯᠵᠤ ᠂ ᠨᠡᠩ ᠲᠥᠪ ᠭᠤᠣᠯᠴᠢ ᠠᠷᠠᠳᠴᠢᠯᠠᠯ ᠲᠠᠢ | ᠤᠯᠠᠨ ᠤᠯᠤᠰ ᠤᠨ ᠡᠮᠬᠢ ᠳᠢᠭᠯᠢᠮ ᠢ ᠪᠠᠶᠢᠭᠤᠯᠬᠤ ᠶᠢ ᠠᠬᠢᠭᠤᠯᠵᠤ ᠪᠠᠶᠢᠨ᠎ᠠ ᠃ ᠨᠢᠭᠡᠳᠦᠭᠰᠡᠨ ᠤᠷᠤᠰ ᠨᠠᠮ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ | ᠤᠷᠤᠰ ᠳᠤᠮᠳᠠᠳᠤ ᠶᠢᠨ ᠲᠦᠷᠦ ᠪᠠᠷᠢᠭᠴᠢ ᠨᠠᠮ ᠪᠣᠯᠤᠭᠰᠠᠨ ᠤ ᠬᠤᠪᠢ ᠳᠤ ᠥᠨᠳᠥᠷ ᠲᠦᠪᠰᠢᠨ ᠪᠦᠬᠦᠢ ᠂ ᠪᠦᠲᠦᠭᠡᠯᠴᠢ ᠴᠢᠨᠠᠷᠲᠠᠢ ᠬᠤᠷᠰᠢᠯᠴᠠᠭ᠎ᠠ ᠥᠷᠨᠢᠭᠦᠯᠵᠦ ᠂ | ᠬᠤᠶᠠᠷ ᠤᠯᠤᠰ ᠤᠨ ᠤᠯᠠᠨ ᠬᠦᠷᠢᠶᠡᠨ ᠤ ᠬᠠᠮᠲᠤᠷᠠᠯᠴᠠᠭ᠎ᠠ ᠶᠢᠨ ᠲᠦᠷᠭᠡᠨ ᠬᠥᠭᠵᠢᠯᠲᠡ ᠶᠢ ᠠᠬᠢᠭᠤᠯᠵᠤ ᠪᠠᠶᠢᠨ᠎ᠠ ᠃ ᠬᠤᠶᠠᠷ ᠨᠠᠮ ᠤᠨ ᠲᠥᠪ ᠬᠤᠷᠢᠶ᠎ᠠ ᠶᠢᠨ | ᠪᠠᠶᠢᠭᠤᠯᠭ᠎ᠠ ᠪᠣᠯᠣᠨ ᠣᠷᠣᠨ ᠨᠤᠲᠤᠭ ᠤᠨ ᠪᠠᠶᠢᠭᠤᠯᠤᠮᠵᠢ ᠠᠴᠠ ᠲᠣᠭᠲᠠᠴᠠ ᠶᠢᠨ ᠴᠢᠨᠠᠷᠲᠠᠢ ᠶᠠᠪᠤᠯᠴᠠᠭ᠎ᠠ ᠪᠠᠨ ᠪᠠᠲᠤᠯᠠᠵᠤ ᠂ ᠨᠠᠮ ᠤᠨ ᠪᠠᠶᠢᠭᠤᠯᠤᠯᠲᠠ ᠂ ᠬᠠᠤᠯᠢ | ᠲᠣᠭᠲᠠᠭᠠᠯᠲᠠ ᠪᠣᠯᠣᠨ ᠨᠡᠶᠢᠭᠡᠮ ᠵᠡᠷᠭᠡ ᠬᠦᠷᠢᠶᠡᠨ ᠤ ᠠᠵᠢᠯ ᠤᠨ ᠲᠣᠭᠤᠷᠢᠨ ᠳᠤ ᠠᠰᠢᠭᠲᠠᠢ ᠲᠤᠷᠰᠢᠯᠭ᠎ᠠ ᠪᠠᠨ ᠰᠣᠯᠢᠯᠴᠠᠵᠤ ᠂ ᠬᠤᠶᠠᠷ ᠲᠠᠯ᠎ᠠ ᠶᠢᠨ ᠪᠠ ᠤᠯᠠᠨ | ᠤᠯᠤᠰ ᠤᠨ ᠵᠥᠪᠯᠡᠬᠦ ᠵᠦᠢᠯ ᠳᠠᠬᠢ ᠠᠯᠢ ᠤᠯᠠᠨ ᠪᠣᠳᠠᠲᠠᠢ ᠠᠰᠠᠭᠤᠳᠠᠯ ᠤᠨ ᠲᠤᠬᠠᠢ ᠭᠦᠨᠵᠡᠭᠡᠢ ᠶᠠᠷᠢᠯᠴᠠᠪᠠ ᠃ ᠤᠷᠤᠰ ᠳᠤᠮᠳᠠᠳᠤ ᠶᠢᠨ ᠲᠦᠷᠦ ᠪᠠᠷᠢᠭᠴᠢ ᠨᠠᠮ ᠤᠨ | ᠶᠠᠷᠢᠯᠴᠠᠭ᠎ᠠ ᠶᠢᠨ ᠲᠣᠭᠲᠠᠴᠠ ᠶᠢᠨ ᠠᠷᠪᠠᠳᠤᠭᠠᠷ ᠤᠳᠠᠭ᠎ᠠ ᠶᠢᠨ ᠬᠤᠷᠠᠯ ᠠᠴᠠ ᠥᠷᠨᠢᠭᠦᠯᠦᠭᠰᠡᠨ ᠶᠠᠷᠢᠯᠴᠠᠭ᠎ᠠ ᠨᠢ ᠡᠯᠪᠡᠭ ᠪᠠᠶᠠᠯᠢᠭ ᠠᠭᠤᠯᠤᠭᠳᠠᠬᠤᠨ ᠲᠠᠢ ᠂ | ᠪᠦᠲᠦᠭᠡᠯᠴᠢ ᠴᠢᠨᠠᠷᠲᠠᠢ ᠪᠠᠶᠢᠵᠤ ᠂ ᠤᠷᠤᠰ ᠳᠤᠮᠳᠠᠳᠤ ᠶᠢᠨ ᠬᠤᠭᠤᠷᠣᠨᠳᠣᠭᠢ ᠪᠦᠲᠦᠮᠵᠢᠲᠡᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠤᠯᠠᠮ ᠴᠢᠨᠠᠭᠰᠢᠳᠠ | ᠠᠬᠢᠭᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ ᠃ | | | |