| 11 ᠳ᠋ᠦ᠋ᠭᠡᠷ ᠰᠠᠷ᠎ᠠ ᠶᠢᠨ 17 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠵᠤ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ ︾ ︵ ᠳᠣᠷᠣᠭᠰᠢ | ︽ ᠳᠦᠷᠢᠮ ︾ ᠭᠡᠵᠦ ᠲᠣᠪᠴᠢᠯᠠᠨ᠎ᠠ ︶ ᠳᠤ ᠵᠠᠰᠠᠪᠤᠷᠢ ᠣᠷᠣᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠵᠠᠷᠯᠠᠨ ᠮᠡᠳᠡᠭᠳᠡᠪᠡ ᠃ ᠤᠤᠯ ᠤᠨ ︽ ᠳᠦᠷᠢᠮ ︾ ᠨᠢ | ᠨᠡᠶᠢᠲᠡ 42 ᠵᠤᠷᠪᠤᠰ ᠪᠠᠶᠢᠵᠤ ᠂ ᠲᠣᠰ ᠤᠳᠠᠭ᠎ᠠ ᠨᠡᠶᠢᠲᠡ 23 ᠵᠤᠷᠪᠤᠰ ᠲᠤ ᠵᠠᠰᠠᠪᠤᠷᠢ ᠣᠷᠣᠭᠤᠯᠵᠤ ᠂ 1 ᠵᠤᠷᠪᠤᠰ ᠢ ᠬᠠᠰᠤᠵᠤ ᠂ 3 ᠵᠤᠷᠪᠤᠰ ᠨᠡᠮᠡᠪᠡ ᠂ | ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ ᠳᠦᠷᠢᠮ ︾ ᠨᠢ ᠨᠡᠶᠢᠲᠡ 44 ᠵᠤᠷᠪᠤᠰ ᠲᠠᠢ ᠂ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠭᠳᠡᠨ᠎ᠡ ᠃ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠹᠦ᠋ ᠯᠢᠩ ᠲᠤᠤ ᠂ ᠵᠠᠰᠠᠪᠤᠷᠢ | ᠣᠷᠣᠭᠤᠯᠤᠭᠰᠠᠨ ᠠᠭᠤᠯᠭ᠎ᠠ ᠨᠢ ᠭᠤᠣᠯᠳᠠᠭᠤ ᠠᠵᠤ ᠦᠢᠯᠡᠰ ᠢᠶᠠᠷ ᠳᠠᠶᠢᠴᠢᠯᠠᠬᠤ ᠂ ᠪᠡᠯᠡ ᠮᠥᠩᠭᠦ ᠪᠠᠷ ᠲᠡᠳᠬᠦᠬᠦ ᠪᠠ ᠦᠢᠯᠡᠴᠢᠯᠡᠭᠡᠨ ᠤ ᠪᠠᠲᠤᠯᠠᠭ᠎ᠠ ᠵᠡᠷᠭᠡ ᠭᠤᠷᠪᠠᠨ | ᠲᠠᠯ᠎ᠠ ᠳᠤ ᠢᠯᠡᠷᠡᠵᠦ ᠪᠠᠶᠢᠨ᠎ᠠ ᠃ ᠡᠭᠦᠨ ᠳᠤ ᠢᠨᠲ᠋ᠧᠷ ᠰᠦᠯᠵᠢᠶ᠎ᠡ ᠂ ᠲᠣᠮᠣ ᠳ᠋ᠠᠶᠢᠲ᠋ᠠ ᠂ ᠬᠢᠮᠡᠯ ᠣᠶᠣᠨ ᠢ ᠡᠯ᠎ᠡ ᠠᠵᠤ ᠦᠢᠯᠡᠰ ᠲᠠᠢ ᠭᠦᠨᠵᠡᠭᠡᠢ ᠠᠭᠤᠰᠤᠯᠴᠠᠭᠤᠯᠤᠨ | ᠪᠣᠶ ᠪᠣᠯᠭᠠᠭᠰᠠᠨ ᠰᠢᠨ᠎ᠡ ᠠᠵᠤ ᠦᠢᠯᠡᠰ ᠂ ᠰᠢᠨ᠎ᠡ ᠡᠵᠡᠩᠨᠡᠯᠲᠡ ᠶᠢᠨ ᠬᠡᠯᠪᠡᠷᠢ ᠂ ᠰᠢᠨ᠎ᠡ ᠵᠠᠭᠪᠤᠷ ᠢ ᠲᠡᠳᠬᠦᠵᠦ ᠂ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠠᠵᠢᠯ | ᠣᠯᠭᠤᠯᠲᠠ ᠶᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠵᠤ ᠂ ᠣᠯᠠᠨ ᠠᠷᠭ᠎ᠠ ᠂ ᠣᠯᠠᠨ ᠬᠡᠯᠪᠡᠷᠢ ᠪᠠᠷ ᠠᠵᠢᠯ ᠤᠨ ᠪᠠᠶᠢᠷᠢ ᠶᠢ | ᠨᠡᠮᠡᠭᠳᠡᠭᠦᠯᠬᠦ ᠶᠢ ᠲᠣᠳᠣᠷᠬᠠᠶᠢᠯᠠᠪᠠ ︔ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠶᠢ ᠬᠡᠷᠡᠭᠯᠡᠬᠦ ᠬᠡᠪᠴᠢᠶ᠎ᠡ ᠶᠢ ᠲᠣᠬᠢᠷᠠᠭᠤᠯᠵᠤ ᠂ ᠨᠢᠭᠡ ᠯᠡ ᠤᠳᠠᠭ᠎ᠠ ᠳᠤ | ᠣᠯᠭᠤᠬᠤ ᠦᠢᠯᠡᠰ ᠪᠣᠰᠬᠠᠭᠰᠠᠨ ᠨᠥᠬᠦᠪᠦᠷᠢ ᠂ ᠠᠵᠢᠯ ᠡᠷᠢᠵᠦ ᠦᠢᠯᠡᠰ ᠪᠣᠰᠬᠠᠭᠰᠠᠨ ᠨᠥᠬᠦᠪᠦᠷᠢ ᠂ ᠠᠵᠢᠯ ᠣᠯᠵᠤ ᠦᠢᠯᠡᠰ ᠪᠣᠰᠬᠠᠭᠰᠠᠨ ᠦᠢᠯᠡᠴᠢᠯᠡᠭᠡᠨ ᠤ | ᠨᠥᠬᠦᠪᠦᠷᠢ ᠂ ᠳᠡᠭᠡᠳᠦ ᠮᠡᠷᠭᠡᠵᠢᠯᠲᠦ ᠴᠢᠳᠠᠪᠤᠷᠢᠲᠠᠨ ᠢ ᠬᠥᠮᠥᠵᠢᠭᠦᠯᠦᠭᠰᠡᠨ ᠨᠥᠬᠦᠪᠦᠷᠢ ᠵᠡᠷᠭᠡ ᠶᠢ ᠨᠡᠮᠡᠨ ᠣᠷᠣᠭᠤᠯᠵᠤ ᠂ ᠦᠢᠯᠡᠰ ᠪᠣᠰᠬᠠᠬᠤ ᠶᠢ ᠳᠡᠮᠵᠢᠬᠦ ᠪᠠᠨ | ᠲᠤᠪᠤᠶᠢᠯᠭᠠᠪᠠ ︔ ᠵᠠᠰᠠᠭ ᠤᠨ ᠣᠷᠳᠣᠨ ᠠᠴᠠ ᠨᠥᠬᠦᠪᠦᠷᠢ ᠥᠭᠭᠦᠭᠰᠡᠨ ᠮᠡᠷᠭᠡᠵᠢᠯ ᠤᠨ ᠪᠣᠯᠪᠠᠰᠤᠷᠠᠯ ᠤᠨ ᠲᠥᠰᠥᠯ ᠢ ᠪᠦᠬᠦᠨ ᠢ ᠬᠢᠷᠢ ᠬᠡᠮ ᠪᠦᠬᠦᠢ ᠠᠵᠢᠯ | ᠮᠡᠷᠭᠡᠵᠢᠯ ᠤᠨ ᠰᠤᠷᠭᠠᠭᠤᠯᠢ ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠳᠤ ᠨᠡᠭᠡᠭᠡᠯᠲᠡ ᠲᠠᠢ ᠪᠣᠯᠭᠠᠨ᠎ᠠ ᠂ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ | ᠨᠠᠰᠤᠨ ᠤ ᠳᠣᠲᠣᠷᠠᠬᠢ ᠠᠮᠢᠳᠤᠯᠢᠭ ᠢᠶᠠᠷ ᠠᠵᠢᠯ ᠣᠯᠣᠭᠰᠠᠳ ᠬᠤᠪᠢ ᠬᠥᠮᠥᠨ ᠤ ᠨᠡᠷ᠎ᠡ ᠪᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠪᠠᠷ ᠭᠤᠶᠤᠴᠢᠯᠠᠵᠤ ᠪᠣᠯᠣᠨ᠎ᠠ ᠂ | ᠲᠠᠪᠴᠠᠩ ᠤᠨ ᠠᠵᠤ ᠠᠬᠤᠶᠢᠯᠠᠯ ᠨᠢ ᠰᠢᠨ᠎ᠡ ᠬᠡᠯᠪᠡᠷᠢ ᠪᠠᠷ ᠠᠵᠢᠯ ᠣᠯᠣᠭᠰᠠᠳ ᠤᠨ ᠠᠵᠢᠯ ᠤᠨ ᠭᠡᠮᠲᠦᠯ ᠤᠨ ᠪᠠᠲᠤᠯᠠᠭ᠎ᠠ ᠳᠤ ᠣᠷᠣᠯᠴᠠᠵᠤ ᠂ ᠲᠠᠪᠴᠠᠩ ᠤᠨ ᠠᠵᠤ | ᠠᠬᠤᠶᠢᠯᠠᠯ ᠤᠨ ᠰᠢᠨ᠎ᠡ ᠬᠡᠯᠪᠡᠷᠢ ᠪᠠᠷ ᠠᠵᠢᠯ ᠣᠯᠣᠭᠰᠠᠳ ᠲᠤ ᠭᠡᠨᠡᠳᠲᠡ ᠶᠢᠨ ᠭᠡᠮᠲᠦᠯ ᠤᠨ ᠳᠠᠭᠠᠳᠬᠠᠯ ᠂ ᠬᠥᠯᠥᠰᠦᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ | ᠵᠡᠷᠭᠡ ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠴᠤ ᠥᠭᠬᠦ ᠶᠢ ᠵᠣᠷᠢᠭᠵᠢᠭᠤᠯᠤᠨ᠎ᠠ ᠭᠡᠵᠦ ᠢᠯᠡᠷᠬᠡᠶᠢᠯᠡᠵᠡᠢ ᠃ | ︽ ᠳᠦᠷᠢᠮ ︾ ᠳᠤ ᠵᠠᠰᠠᠪᠤᠷᠢ ᠣᠷᠣᠭᠤᠯᠤᠭᠰᠠᠨ ᠨᠢ ᠥᠪᠥᠷ ᠮᠣᠩᠭᠤᠯ ᠤᠨ ᠠᠵᠢᠯ ᠣᠯᠭᠤᠯᠲᠠ ᠶᠢᠨ ᠠᠵᠢᠯ ᠪᠠ ᠬᠠᠤᠯᠢᠵᠢᠯ ᠤᠨ ᠲᠦᠪᠰᠢᠨ ᠰᠢᠨ᠎ᠡ ᠨᠢᠭᠡᠨ | ᠬᠥᠭᠵᠢᠯᠲᠡ ᠶᠢᠨ ᠴᠠᠭ ᠦᠶ᠎ᠡ ᠳᠤ ᠣᠷᠣᠭᠰᠠᠨ ᠢ ᠬᠠᠷᠠᠭᠤᠯᠵᠤ ᠪᠠᠶᠢᠨ᠎ᠠ ᠃ ᠳᠠᠷᠠᠭ᠎ᠠ ᠪᠠᠷ ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ︽ ᠳᠦᠷᠢᠮ ︾ ᠢ ᠰᠤᠷᠤᠯᠴᠠᠬᠤ ᠂ ᠤᠬᠠᠭᠤᠯᠬᠤ ᠂ ᠲᠤᠭᠤᠰᠢᠯᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ ᠂ ︽ ᠳᠦᠷᠢᠮ ︾ ᠢ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ ᠃ | | | |