ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 8418 ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠭᠠᠳ ᠠᠵᠤ ᠠᠬᠤᠢ ᠶᠢᠨ ᠬᠦᠴᠢᠷᠳᠡᠯ ᠲᠠᠢ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠠᠰᠠᠷᠠᠬᠤ ᠦᠢᠯᠡᠴᠢᠯᠡᠭᠡ ᠶᠢ ᠳᠡᠮᠵᠢᠵᠤ ᠪᠠᠶᠢᠨ᠎ᠠ
ᠨᠡᠶᠢᠲᠡᠯᠡᠭᠰᠡᠨ ᠴᠠᠭ᠄
2023/11/21
    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠰᠢᠨ᠎ᠡ ᠮᠡᠳᠡᠭᠡ ᠄ ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠵᠤ ᠠᠬᠤᠢ ᠶᠢᠨ ᠬᠦᠴᠢᠷᠳᠡᠯ ᠲᠠᠢ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠠᠰᠠᠷᠠᠬᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠠᠷᠠᠳ ᠤᠨ ᠶᠠᠪᠤᠳᠠᠯ ᠤᠨ ᠶᠠᠮᠤᠨ ᠂ ᠡᠳ᠋ ᠤᠨ ᠵᠠᠰᠠᠭ ᠤᠨ ᠶᠠᠮᠤᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠡᠯ᠎ᠡ ᠠᠶᠢᠮᠠᠭ ᠬᠤᠲᠠ ᠳᠤ 8418 ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠵᠠᠢ ᠂ ᠲᠡᠭᠦᠨ ᠤ ᠵᠣᠷᠢᠯᠭ᠎ᠠ ᠨᠢ ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠣᠷᠳᠣ ᠬᠤᠭᠤᠴᠠᠭ᠎ᠠ ᠪᠠᠷ ᠠᠰᠠᠷᠠᠬᠤ ᠦᠷᠭᠦᠯᠵᠢᠯᠡᠭᠦ᠋ᠢᠴᠡ ᠂ ᠳᠡᠯᠭᠡᠷᠡᠭᠦᠯᠡᠭᠦᠰᠢᠲᠡᠢ ᠦᠢᠯᠡᠴᠢᠯᠡᠭᠡᠨ ᠤ ᠵᠠᠭᠪᠤᠷ ᠪᠠ ᠪᠠᠲᠤᠯᠠᠭᠠᠨ ᠤ ᠲᠣᠭᠲᠠᠴᠠ ᠶᠢ ᠴᠢᠨᠠᠭᠰᠢᠳᠠ ᠨᠡᠩ ᠰᠦᠪᠡᠭᠴᠢᠯᠡᠨ ᠪᠠᠶᠢᠭᠤᠯᠵᠤ ᠂ ᠪᠥᠬᠦ ᠣᠷᠣᠨ ᠤ ᠨᠠᠰᠤᠵᠢᠯ ᠤᠨ ᠦᠨᠳᠦᠰᠦᠨ ᠠᠰᠠᠷᠠᠮᠵᠢ ᠶᠢᠨ ᠦᠢᠯᠡᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ ᠶᠤᠮ ᠃    ᠠᠷᠠᠳ ᠤᠨ ᠶᠠᠪᠤᠳᠠᠯ ᠤᠨ ᠶᠠᠮᠤᠨ ᠂ ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ ᠲᠥᠪ ᠤᠨ ᠡᠳ᠋ ᠤᠨ ᠵᠠᠰᠠᠭ ᠠᠴᠠ ᠠᠵᠤ ᠠᠬᠤᠢ ᠶᠢᠨ ᠬᠦᠴᠢᠷᠳᠡᠯ ᠲᠠᠢ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠠᠰᠠᠷᠠᠬᠤ ᠦᠢᠯᠡᠴᠢᠯᠡᠭᠡ ᠶᠢ ᠳᠡᠮᠵᠢᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠢ ᠮᠡᠳᠡᠭᠳᠡᠯ ︾ ᠤᠨ ᠱᠠᠭᠠᠷᠳᠠᠯᠭ᠎ᠠ ᠶᠣᠰᠣᠭᠠᠷ ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ ᠳᠤ ᠲᠦᠰᠢᠭᠯᠡᠵᠦ ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠪᠠᠷ ᠬᠥᠲᠥᠯᠥᠨ ᠵᠢᠯᠤᠭᠤᠳᠴᠤ ᠤᠷᠮᠠᠰᠢᠭᠤᠯᠬᠤ ᠦᠢᠯᠡᠳᠦᠯ ᠢ ᠪᠠᠳᠠᠷᠠᠭᠤᠯᠤᠨ ᠂ ᠣᠷᠣᠨ ᠨᠤᠲᠤᠭ ᠤᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠲᠡᠮᠵᠢᠵᠤ ᠂ ᠠᠵᠤ ᠠᠬᠤᠢ ᠶᠢᠨ ᠬᠦᠴᠢᠷᠳᠡᠯ ᠲᠠᠢ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠠᠰᠠᠷᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠠᠵᠤ ᠠᠬᠤᠢ ᠶᠢᠨ ᠬᠦᠴᠢᠷᠳᠡᠯ ᠲᠠᠢ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠲᠥᠪᠯᠡᠷᠡᠭᠦᠯᠦᠨ ᠠᠰᠠᠷᠠᠬᠤ ᠦᠢᠯᠡᠴᠢᠯᠡᠭᠡ ᠶᠢ ᠳᠡᠮᠵᠢᠬᠦ ᠳᠤ ︽ ᠤᠷᠢᠳᠴᠢᠯᠠᠨ ᠦᠨᠡᠯᠡᠨ ᠵᠢᠱᠢᠬᠦ ᠂ ᠤᠷᠢᠳ ᠢᠶᠠᠷ ᠣᠷᠣᠵᠤ ᠰᠠᠭᠤᠬᠤ ᠂ ᠳᠠᠷᠠᠭ᠎ᠠ ᠨᠢ ᠠᠪᠤᠷᠠᠨ ᠲᠤᠰᠠᠯᠠᠬᠤ ︾ ᠠᠵᠢᠯ ᠤᠨ ᠲᠠᠰ ᠳᠠᠷᠠᠭᠠᠯᠠᠯ ᠶᠣᠰᠣᠭᠠᠷ ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠣᠷᠣᠵᠤ ᠰᠠᠭᠤᠭᠰᠠᠨ ᠠᠵᠤ ᠠᠬᠤᠢ ᠶᠢᠨ ᠬᠦᠴᠢᠷᠳᠡᠯ ᠲᠠᠢ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠠᠪᠤᠷᠠᠨ ᠲᠤᠰᠠᠯᠠᠨ᠎ᠠ ᠃    ᠳᠠᠷᠠᠭᠠᠴᠢ ᠪᠠᠷ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡ ᠮᠦᠩᠭᠦᠨ ᠪᠠᠲᠤᠯᠠᠭᠠᠨ ᠤ ᠡᠷᠴᠢᠮ ᠢᠶᠠᠨ ᠴᠢᠩᠭᠠᠷᠠᠭᠤᠯᠵᠤ ᠂ ᠬᠦᠴᠢᠷᠳᠡᠯᠲᠡᠢ ᠣᠯᠠᠨ ᠲᠦᠮᠡᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯ᠎ᠠ ᠪᠠᠷ ᠬᠢ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠦᠨ᠎ᠡ ᠃       
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ