| ︵ 2023 ᠣᠨ ᠤ 11 ᠰᠠᠷ᠎ᠠ ᠶᠢᠨ 21 ᠤ ᠡᠳᠦᠷ ᠂ ᠪᠡᠭᠡᠵᠢᠩ ᠳᠤ ︶ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠯᠠᠮᠠᠹᠦ᠋ᠰᠠ ᠶᠡᠷᠦᠩᠬᠡᠶᠢᠯᠡᠭᠴᠢ ᠂ | ᠬᠠᠮᠲᠤ ᠠᠵᠢᠯᠯᠠᠭᠰᠠᠳ ᠠ᠋ ᠄ | ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠪᠣᠯ ᠠᠯᠳᠠᠨ ᠲᠣᠭᠤᠰᠭ᠋᠎ᠠ ᠤᠯᠤᠰ ᠤᠳ ᠤᠨ ᠪᠦᠷᠢᠯᠳᠦᠭᠦᠨ ᠢᠶᠠᠨ ᠥᠷᠭᠡᠳᠬᠡᠭᠰᠡᠨ ᠤ ᠳᠠᠷᠠᠭᠠᠬᠢ | ᠠᠩᠬᠠᠳᠠᠭᠴᠢ ᠤᠳᠤᠷᠢᠳᠬᠤ ᠬᠥᠮᠥᠰ ᠤᠨ ᠠᠭᠤᠯᠵᠠᠯᠲᠠ ᠪᠣᠯᠣᠨ᠎ᠠ ᠃ ᠡᠩ ᠲᠡᠷᠢᠭᠦᠨ ᠳᠤ ᠂ ᠪᠢ ᠠᠯᠳᠠᠨ ᠲᠣᠭᠤᠰᠭ᠋᠎ᠠ ᠤᠯᠤᠰ ᠤᠳ ᠤᠨ ᠰᠢᠨ᠎ᠡ ᠪᠦᠷᠢᠯᠳᠦᠭᠦᠨ | ᠤᠯᠤᠰ ᠤᠨ ᠤᠳᠤᠷᠢᠳᠬᠤ ᠬᠥᠮᠥᠰ ᠢ ᠪᠠᠶᠠᠷᠯᠠᠨ ᠤᠭᠲᠤᠵᠤ ᠂ ᠶᠡᠷᠦᠩᠬᠡᠶᠢᠯᠡᠭᠴᠢ ᠯᠠᠮᠠᠹᠦ᠋ᠰᠠ ᠪᠣᠯᠣᠨ ᠡᠮᠦᠨᠡᠲᠦ ᠠᠹᠷᠢᠺᠠ ᠶᠢᠨ ᠵᠠᠰᠠᠭ ᠤᠨ ᠣᠷᠳᠣᠨ ᠤ ᠡᠨᠡ | ᠤᠳᠠᠭ᠎ᠠ ᠶᠢᠨ ᠠᠭᠤᠯᠵᠠᠯᠲᠠ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ ᠃ ᠣᠳᠣᠬᠠᠨ ᠤ ᠪᠠᠶᠢᠳᠠᠯ ᠳᠣᠣᠷ᠎ᠠ ᠠᠯᠳᠠᠨ | ᠲᠣᠭᠤᠰᠭ᠋᠎ᠠ ᠤᠯᠤᠰ ᠤᠳ ᠫᠠᠯᠧᠰᠲ᠋ᠠᠶᠢᠨ ᠢᠰᠷᠧᠯ ᠤᠨ ᠠᠰᠠᠭᠤᠳᠠᠯ ᠤᠨ ᠲᠤᠬᠠᠢ ᠰᠢᠳᠤᠷᠭᠤ ᠶᠣᠰᠣᠨ ᠤ ᠲᠠᠭᠤᠨ ᠂ ᠡᠩᠬᠡ ᠲᠠᠶᠢᠪᠤᠩ ᠤᠨ ᠲᠠᠭᠤᠨ ᠢ | ᠴᠤᠤᠷᠢᠶᠠᠲᠤᠭᠤᠯᠤᠭᠰᠠᠨ ᠨᠢ ᠴᠠᠭ ᠲᠠᠭᠠᠨ ᠮᠠᠰᠢ ᠲᠣᠬᠢᠷᠠᠵᠤ ᠂ ᠮᠠᠰᠢ ᠴᠢᠬᠤᠯᠠᠲᠠᠢ ᠶᠤᠮ ᠃ | ᠭᠠᠽᠠ ᠣᠷᠣᠨ ᠤ ᠮᠥᠷᠭᠦᠯᠳᠦᠭᠡᠨ ᠨᠢᠭᠡᠨᠲᠡ ᠰᠠᠷ᠎ᠠ ᠭᠠᠷᠤᠢ ᠦᠷᠭᠦᠯᠵᠢᠯᠡᠵᠦ ᠂ ᠶᠡᠭᠡ ᠬᠡᠮᠵᠢᠶᠡᠨ ᠤ ᠡᠭᠡᠯ ᠠᠷᠠᠳ ᠤᠨ ᠠᠳᠡᠯ ᠰᠢᠷᠬᠠᠲᠤᠯ ᠪᠠ ᠬᠥᠮᠦᠯᠢᠭ | ᠦᠵᠡᠯ ᠤᠨ ᠭᠠᠢ ᠭᠠᠮᠰᠢᠭ ᠢ ᠪᠤᠶ ᠪᠤᠯᠭᠠᠬᠰᠠᠨ ᠪᠥᠭᠡᠳ ᠭᠠᠳᠠᠭᠰᠢ ᠥᠷᠭᠡᠳᠬᠦ ᠬᠠᠨᠳᠤᠰᠢ ᠶᠡᠬᠡᠳᠴᠦ ᠪᠠᠶᠢᠨ᠎ᠠ ᠂ ᠡᠭᠦᠨ ᠢ ᠳᠤᠮᠳᠠᠳᠤ ᠤᠯᠤᠰ ᠮᠠᠰᠢ ᠠᠩᠬᠠᠷᠴᠤ | ᠪᠠᠶᠢᠨ᠎ᠠ ᠃ ᠣᠳᠣᠬᠠᠨ ᠤ ᠪᠠᠴᠢᠮ ᠡᠭᠦᠷᠭᠡ ᠭᠡᠪᠡᠯ ᠂ ᠨᠢᠭᠡ ᠳᠤ ᠂ ᠮᠥᠷᠭᠦᠯᠳᠦᠭᠡᠨ ᠲᠠᠢ ᠡᠯ᠎ᠡ ᠲᠠᠯ᠎ᠠ ᠶᠢᠨ ᠬᠢᠨ ᠳᠠᠷᠤᠢ ᠲᠦᠷᠭᠡᠨ ᠲᠤᠯᠤᠯᠳᠤᠬᠤ ᠪᠠᠨ ᠵᠣᠭᠰᠣᠵᠤ ᠂ | ᠡᠭᠡᠯ ᠠᠷᠠᠳ ᠲᠤ ᠴᠢᠭᠯᠡᠭᠦᠯᠦᠭᠰᠡᠨ ᠠᠯᠢᠪᠠ ᠬᠦᠴᠦᠷᠬᠡᠭᠯᠡᠯ ᠪᠠ ᠳᠠᠭᠠᠷᠢᠯᠲᠠ ᠶᠢ ᠵᠣᠭᠰᠣᠭᠠᠵᠤ ᠂ ᠬᠤᠷᠢᠵᠤ ᠪᠠᠶᠢᠭ᠎ᠠ ᠡᠭᠡᠯ ᠠᠷᠠᠳ ᠢ ᠰᠤᠯᠠᠯᠠᠵᠤ ᠂ ᠨᠡᠩ ᠬᠦᠨᠳᠦ | ᠨᠣᠴᠢᠲᠠᠢ ᠠᠮᠢ ᠨᠠᠰᠤᠨ ᠤ ᠠᠶᠤᠯ ᠵᠣᠪᠠᠯᠠᠩ ᠠᠮᠰᠠᠬᠤ ᠠᠴᠠ ᠵᠠᠶᠢᠯᠠᠰᠬᠢᠪᠡᠯ ᠵᠣᠬᠢᠨ᠎ᠠ ᠃ ᠬᠤᠶᠠᠷ ᠲᠤ ᠂ ᠬᠥᠮᠦᠯᠢᠭ ᠦᠵᠡᠯ ᠤᠨ ᠠᠪᠤᠷᠠᠨ ᠲᠤᠰᠠᠯᠠᠬᠤ ᠵᠠᠮ ᠤᠨ | ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠂ ᠭᠠᠽᠠ ᠶᠢᠨ ᠠᠷᠠᠳ ᠤᠯᠠᠨ ᠳᠤ ᠨᠡᠩ ᠤᠯᠠᠨ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ ᠂ | ᠠᠯᠪᠠᠳᠠᠯᠭ᠎ᠠ ᠪᠠᠷ ᠨᠡᠭᠦᠯᠭᠡᠬᠦ ᠶᠢ ᠵᠣᠭᠰᠣᠭᠠᠵᠤ ᠂ ᠤᠰᠤ ᠴᠠᠭᠢᠯᠭᠠᠨ ᠲᠣᠰᠣ ᠶᠢ ᠲᠠᠰᠤᠯᠬᠤ ᠵᠡᠷᠭᠡ ᠭᠠᠽᠠ ᠶᠢᠨ ᠠᠷᠠᠳ ᠤᠯᠠᠨ ᠳᠤ ᠴᠢᠭᠯᠡᠭᠦᠯᠦᠭᠰᠡᠨ ᠬᠠᠮᠲᠤ ᠶᠢᠨ | ᠵᠠᠯᠬᠠᠭᠠᠯ ᠢ ᠵᠣᠭᠰᠤᠭᠠᠬᠤ ᠬᠡᠷᠡᠭᠲᠡᠢ ᠃ ᠭᠤᠷᠪᠠ ᠳᠤ ᠂ ᠳᠡᠯᠡᠬᠡᠢ ᠨᠡᠶᠢᠭᠡᠮ ᠢᠶᠠᠷ ᠢᠶᠠᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠮᠥᠷᠭᠦᠯᠳᠦᠭᠡᠨ ᠤ ᠥᠷᠭᠡᠵᠢᠵᠦ ᠂ | ᠪᠦᠭᠦ᠋ᠢᠯᠡ ᠳᠤᠮᠳᠠᠳᠤ ᠳᠣᠷᠣᠨᠠᠲᠤ ᠶᠢᠨ ᠭᠠᠵᠠᠷ ᠣᠷᠣᠨ ᠤ ᠲᠣᠭᠲᠠᠭᠤᠨ ᠪᠠᠶᠢᠳᠠᠯ ᠢ ᠨᠥᠯᠥᠭᠡᠯᠡᠬᠦ ᠶᠢ ᠰᠡᠷᠭᠡᠶᠢᠯᠡᠬᠦ ᠬᠡᠷᠡᠭᠲᠡᠢ ᠃ ᠳᠤᠮᠳᠠᠳᠤ ᠤᠯᠤᠰ ᠤᠨ ᠬᠢᠨ 10 | ᠰᠠᠷ᠎ᠠ ᠶᠢᠨ 27 ᠤ ᠡᠳᠦᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠪᠠᠴᠢᠮ ᠣᠨᠴᠠᠭᠠᠢ ᠬᠤᠷᠠᠯ ᠠᠴᠠ ᠫᠠᠯᠧᠰᠲ᠋ᠠᠶᠢᠨ ᠢᠰᠷᠧᠯ ᠤᠨ | ᠮᠥᠷᠭᠦᠯᠳᠦᠭᠡᠨ ᠤ ᠲᠤᠬᠠᠢ ᠪᠠᠲᠤᠯᠠᠭᠰᠠᠨ ᠰᠢᠢᠳᠪᠦᠷᠢ ᠶᠢ ᠳᠡᠮᠵᠢᠨ᠎ᠠ ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ | ᠵᠥᠪᠯᠡᠯ ᠤᠨ ᠵᠢᠵᠢᠭᠦᠷ ᠲᠡᠷᠢᠭᠦᠯᠡᠭᠴᠢ ᠪᠣᠯᠤᠭᠰᠠᠨ ᠤ ᠬᠤᠪᠢ ᠳᠤ ᠠᠶᠤᠯ ᠦᠭᠡᠢ ᠶᠢᠨ ᠵᠥᠪᠯᠡᠯ ᠤᠨ 2712 ᠳ᠋ᠤᠭᠠᠷ ᠲᠣᠭᠠᠲᠤ ᠰᠢᠢᠳᠪᠦᠷᠢ ᠶᠢ ᠡᠷᠭᠢᠯᠡᠨ ᠪᠠᠲᠤᠯᠠᠪᠠ ᠃ | ᠡᠯ᠎ᠡ ᠲᠠᠯ᠎ᠠ ᠶᠢᠨ ᠬᠢᠨ ᠰᠢᠢᠳᠪᠦᠷᠢ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠪᠠᠯ ᠵᠣᠬᠢᠨ᠎ᠠ ᠃ | ᠫᠠᠯᠧᠰᠲ᠋ᠠᠶᠢᠨ ᠢᠰᠷᠧᠯ ᠤᠨ ᠪᠠᠶᠢᠳᠠᠯ ᠥᠨᠥᠳᠥᠷ ᠤᠨ ᠪᠠᠶᠢᠳᠠᠯ ᠳᠤ ᠭᠦᠷᠦᠭᠰᠡᠨ ᠤ ᠦᠨᠳᠦᠰᠦᠨ ᠰᠢᠯᠲᠠᠭᠠᠨ ᠪᠣᠯ ᠫᠠᠯᠧᠰᠲ᠋ᠠᠶᠢᠨ ᠤ ᠠᠷᠠᠳ ᠲᠦᠮᠡᠨ ᠤ ᠤᠯᠤᠰ | ᠪᠠᠶᠢᠭᠤᠯᠬᠤ ᠡᠷᠬᠡ ᠂ ᠣᠷᠣᠰᠢᠨ ᠲᠣᠭᠲᠠᠨᠢᠬᠤ ᠡᠷᠬᠡ ᠂ ᠪᠤᠴᠠᠵᠤ ᠢᠷᠡᠬᠦ ᠡᠷᠬᠡ ᠶᠢ ᠣᠷᠳᠣ ᠬᠤᠭᠤᠴᠠᠭ᠎ᠠ ᠪᠠᠷ ᠣᠶᠢᠰᠢᠶᠠᠬᠤ ᠦᠭᠡᠢ ᠪᠠᠶᠢᠭᠰᠠᠨ ᠠᠴᠠ ᠪᠣᠯᠤᠭᠰᠠᠨ | ᠶᠤᠮ ᠃ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠤ ᠣᠷᠴᠢᠯᠲᠠ ᠶᠢ ᠰᠢᠢᠳᠪᠦᠷᠢᠯᠡᠬᠦ ᠦᠨᠳᠦᠰᠦᠨ ᠠᠷᠭ᠎ᠠ ᠵᠠᠮ ᠪᠣᠯ ︽ ᠬᠤᠶᠠᠷ ᠤᠯᠤᠰ ᠤᠨ ᠲᠥᠰᠥᠯ ︾ ᠢ | ᠨᠠᠶᠢᠳᠠᠪᠤᠷᠢᠵᠢᠭᠤᠯᠵᠤ ᠂ ᠫᠠᠯᠧᠰᠲ᠋ᠠᠶᠢᠨ ᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠰᠡᠷᠭᠦᠭᠡᠵᠦ ᠂ ᠲᠤᠰᠠᠭᠠᠷ ᠲᠣᠭᠲᠠᠨᠢᠭᠰᠠᠨ ᠫᠠᠯᠧᠰᠲ᠋ᠠᠶᠢᠨ ᠤᠯᠤᠰ ᠢ | ᠪᠠᠶᠢᠭᠤᠯᠬᠤ ᠶᠠᠪᠤᠳᠠᠯ ᠪᠣᠯᠣᠨ᠎ᠠ ᠭᠡᠵᠦ ᠪᠢ ᠣᠯᠠᠨᠲᠠ ᠴᠢᠬᠤᠯᠠᠴᠢᠯᠠᠪᠠ ᠃ ᠫᠠᠯᠧᠰᠲ᠋ᠠᠶᠢᠨ ᠤ ᠠᠰᠠᠭᠤᠳᠠᠯ ᠢ ᠲᠥᠪ ᠭᠤᠣᠯᠴᠢ ᠪᠠᠷ ᠰᠢᠢᠳᠪᠦᠷᠢᠯᠡᠬᠦ ᠦᠭᠡᠢ ᠪᠣᠯ | ᠳᠤᠮᠳᠠᠳᠤ ᠳᠣᠷᠣᠨᠠᠲᠤ ᠳᠤ ᠥᠨᠢ ᠤᠳᠠᠭᠠᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠪᠠᠶᠢᠵᠤ ᠴᠢᠳᠠᠬᠤ ᠦᠭᠡᠢ ᠃ ᠳᠤᠮᠳᠠᠳᠤ ᠤᠯᠤᠰ ᠤᠨ ᠬᠢᠨ ᠨᠡᠩ ᠡᠷᠬᠡ | ᠰᠦᠷᠲᠦ ᠴᠢᠨᠠᠷᠲᠠᠢ ᠤᠯᠠᠨ ᠤᠯᠤᠰ ᠤᠨ ᠨᠠᠶᠢᠷᠠᠮᠳᠠᠯ ᠤᠨ ᠬᠤᠷᠠᠯ ᠢ ᠡᠷᠲᠡᠬᠡᠨ ᠬᠤᠷᠠᠯᠳᠤᠭᠤᠯᠵᠤ ᠂ ᠤᠯᠠᠨ ᠤᠯᠤᠰ ᠤᠨ ᠡᠩᠬᠡ ᠲᠠᠶᠢᠪᠤᠩ ᠢ ᠠᠬᠢᠭᠤᠯᠬᠤ ᠬᠠᠮᠲᠤ ᠶᠢᠨ | ᠲᠠᠨᠢᠯᠲᠠ ᠶᠢ ᠨᠢᠭᠲᠠᠷᠠᠭᠤᠯᠵᠤ ᠂ ᠫᠠᠯᠧᠰᠲ᠋ᠠᠶᠢᠨ ᠤ ᠠᠰᠠᠭᠤᠳᠠᠯ ᠢ ᠡᠷᠲᠡᠬᠡᠨ ᠪᠦᠭᠦ ᠲᠠᠯ᠎ᠠ ᠪᠠᠷ ᠂ ᠲᠥᠪ ᠭᠤᠣᠯᠴᠢ ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠬᠦ ᠶᠢ | ᠠᠬᠢᠭᠤᠯᠬᠤ ᠶᠢ ᠤᠷᠢᠶᠠᠯᠠᠵᠤ ᠪᠠᠶᠢᠨ᠎ᠠ ᠃ | ᠲᠤᠰ ᠡᠭᠡᠯᠵᠢ ᠶᠢᠨ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠡᠭᠦᠰᠦᠭᠰᠡᠨ ᠠᠴᠠ ᠨᠠᠭᠠᠰᠢ ᠂ ᠳᠤᠮᠳᠠᠳᠤ ᠤᠯᠤᠰ ᠢᠳᠡᠪᠬᠢᠲᠡᠢ ᠪᠠᠷ ᠡᠶᠡᠳᠡᠬᠦ ᠶᠢ ᠢᠳᠬᠠᠨ | ᠬᠡᠯᠡᠯᠴᠡᠭᠡ ᠶᠢ ᠠᠬᠢᠭᠤᠯᠵᠤ ᠂ ᠲᠠᠶᠢᠨ ᠵᠣᠬᠰᠣᠬᠤ ᠶᠢ ᠠᠬᠢᠭᠤᠯᠪᠠ ᠃ ᠭᠠᠽᠠ ᠶᠢᠨ ᠬᠥᠮᠦᠯᠢᠭ ᠦᠵᠡᠯ ᠤᠨ ᠪᠠᠶᠢᠳᠠᠯ ᠢ ᠨᠠᠮᠳᠠᠭᠤᠯᠬᠤ ᠶᠢᠨ ᠲᠥᠯᠥᠭᠡ ᠂ ᠲᠤᠮᠳᠠᠳᠤ | ᠤᠯᠤᠰ ᠨᠢᠭᠡᠨᠲᠡ ᠫᠠᠯᠧᠰᠲ᠋ᠠᠶᠢᠨ ᠤ ᠦᠨᠳᠦᠰᠦᠲᠡᠨ ᠤ ᠡᠷᠬᠡᠲᠦ ᠪᠠᠶᠢᠭᠤᠯᠤᠮᠵᠢ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠠᠶᠢᠭᠤᠯᠤᠮᠵᠢ ᠪᠠᠷ | ᠲᠠᠮᠵᠢᠨ 200 ᠲᠦᠮᠡᠨ ᠳ᠋ᠣᠯᠯᠠᠷ ᠤᠨ ᠪᠠᠴᠢᠮ ᠠᠪᠤᠷᠠᠬᠤ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ ᠂ ᠶᠧᠵᠢᠫᠲ ᠢᠶᠠᠷ ᠳᠠᠮᠵᠢᠨ ᠭᠠᠽᠠ ᠣᠷᠣᠨ ᠳᠤ 1500 | ᠲᠦᠮᠡᠨ ᠲᠥᠭᠦᠷᠢᠭ ᠤᠨ ᠦᠷᠳᠡᠭ ᠪᠦᠬᠦᠢ ᠢᠳᠡᠭᠡᠨ ᠂ ᠡᠮ ᠤᠨ ᠵᠦᠢᠯᠡᠰ ᠵᠡᠷᠭᠡ ᠪᠠᠴᠢᠮ ᠠᠪᠤᠷᠠᠬᠤ ᠬᠥᠮᠦᠯᠢᠭ ᠦᠵᠡᠯ ᠤᠨ ᠡᠳ᠋ ᠪᠣᠳᠠᠰ ᠢ ᠬᠠᠩᠭᠠᠭᠰᠠᠨ ᠪᠥᠭᠡᠳ | ᠭᠠᠽᠠ ᠶᠢᠨ ᠠᠷᠠᠳ ᠲᠦᠮᠡᠨ ᠤ ᠬᠡᠷᠡᠭᠴᠡᠭᠡ ᠶᠢ ᠦᠨᠳᠦᠰᠦᠯᠡᠨ ᠦᠷᠭᠦᠯᠵᠢᠯᠡᠨ ᠡᠳ᠋ ᠪᠣᠳᠠᠰ ᠤᠨ ᠲᠤᠰᠠᠯᠠᠮᠵᠢ ᠬᠠᠩᠭᠠᠬᠤ ᠪᠣᠯᠣᠨ᠎ᠠ ᠃ ᠳᠤᠮᠳᠠᠳᠤ ᠤᠯᠤᠰ ᠲᠤᠰ | ᠰᠠᠷ᠎ᠠ ᠶᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠵᠢᠵᠢᠭᠦᠷ ᠲᠡᠷᠢᠭᠦᠯᠡᠭᠴᠢ ᠪᠣᠯᠤᠭᠰᠠᠨ ᠤ ᠬᠤᠪᠢ ᠳᠤ ᠂ ᠠᠶᠤᠯ | ᠦᠭᠡᠢ ᠶᠢᠨ ᠵᠥᠪᠯᠡᠯ ᠤᠨ ᠬᠤᠯᠪᠣᠭᠳᠠᠯ ᠪᠦᠬᠦᠢ ᠰᠢᠢᠳᠪᠦᠷᠢ ᠶᠢ ᠪᠠᠲᠤᠯᠠᠬᠤ ᠶᠢ ᠠᠬᠢᠭᠤᠯᠵᠤ ᠂ ᠬᠥᠮᠦᠯᠢᠭ ᠦᠵᠡᠯ ᠤᠨ ᠲᠠᠶᠢᠨ ᠢ ᠲᠦᠷ ᠵᠣᠭᠰᠤᠭᠠᠬᠤ ᠪᠠ ᠬᠥᠮᠦᠯᠢᠭ | ᠦᠵᠡᠯ ᠤᠨ ᠬᠤᠩᠭᠢᠯ ᠤᠨ ᠬᠤᠭᠤᠴᠠᠭ᠎ᠠ ᠶᠢ ᠤᠷᠲᠤᠳᠬᠠᠬᠤ ᠂ ᠡᠭᠡᠯ ᠠᠷᠠᠳ ᠢ ᠬᠠᠮᠠᠭᠠᠯᠠᠬᠤ ᠂ ᠬᠥᠮᠦᠯᠢᠭ ᠦᠵᠡᠯ ᠤᠨ ᠲᠤᠰᠠᠯᠠᠮᠵᠢ ᠦᠵᠡᠭᠦᠯᠭᠦ ᠵᠡᠷᠭᠡ ᠶᠢ | ᠱᠠᠭᠠᠷᠳᠠᠪᠠ ᠃ | ᠬᠠᠮᠲᠤ ᠠᠵᠢᠯᠯᠠᠭᠰᠠᠳ ᠠ᠋ ︕ | ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠪᠣᠯ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ | ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠂ ᠬᠠᠮᠲᠤ ᠶᠢᠨ ᠠᠰᠢᠭ ᠲᠤᠰᠠ ᠪᠠᠨ ᠬᠠᠮᠠᠭᠠᠯᠠᠬᠤ ᠴᠢᠬᠤᠯᠠ ᠲᠠᠪᠴᠠᠩ ᠪᠣᠯᠣᠨ᠎ᠠ ᠃ | ᠥᠨᠥᠳᠥᠷ ᠂ ᠪᠢᠳᠠ ᠫᠠᠯᠧᠰᠲ᠋ᠠᠶᠢᠨ ᠢᠰᠷᠧᠯ ᠤᠨ ᠠᠰᠠᠭᠤᠳᠠᠯ ᠢᠶᠠᠷ ᠵᠣᠭᠰᠣᠯᠲᠠ ᠪᠠᠨ ᠵᠣᠬᠢᠴᠠᠭᠤᠯᠵᠤ ᠂ ᠠᠵᠢᠯᠯᠠᠭ᠎ᠠ ᠠᠪᠴᠤ ᠂ ᠪᠦᠷᠢᠯᠳᠦᠭᠦᠨ ᠢᠶᠠᠨ | ᠥᠷᠭᠡᠳᠬᠡᠭᠰᠡᠨ ᠤ ᠳᠠᠷᠠᠭᠠᠬᠢ ︽ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ︾ ᠶᠢᠨ ᠰᠠᠶᠢᠨ ᠡᠭᠢᠯᠡᠯᠲᠡ ᠲᠠᠢ ᠪᠣᠯᠪᠠ ᠃ ᠡᠮᠦᠨᠡᠲᠦ ᠠᠹᠷᠢᠺᠠ ᠶᠢᠨ ᠡᠨᠡ | ᠵᠢᠯ ᠤᠨ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠠᠯᠳᠠᠨ ᠲᠣᠭᠤᠰᠭ᠋᠎ᠠ ᠤᠯᠤᠰ ᠤᠳ ᠤᠨ ᠦᠢᠯᠡᠰ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ | ᠦᠵᠡᠭᠦᠯᠦᠭᠰᠡᠨ ᠢ ᠳᠤᠮᠳᠠᠳᠤ ᠤᠯᠤᠰ ᠮᠠᠭᠲᠠᠨ ᠰᠠᠶᠢᠰᠢᠶᠠᠵᠤ ᠪᠠᠶᠢᠨ᠎ᠠ ᠃ ᠤᠷᠤᠰ ᠢᠷᠡᠬᠦ ᠵᠢᠯ ᠲᠡᠷᠢᠭᠦᠯᠡᠭᠴᠢ ᠤᠯᠤᠰ ᠪᠣᠯᠣᠨ᠎ᠠ ᠂ ᠳᠤᠮᠳᠠᠳᠤ ᠤᠯᠤᠰ ᠳᠤᠷᠠᠲᠠᠶ᠎ᠠ | ᠪᠤᠰᠤᠳ ᠪᠦᠷᠢᠯᠳᠦᠭᠦᠨ ᠲᠠᠢ ᠬᠠᠮᠲᠤ ᠪᠠᠷ ᠤᠷᠤᠰ ᠤᠨ ᠠᠵᠢᠯ ᠢ ᠲᠡᠮᠵᠢᠵᠤ ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠰᠢᠨ᠎ᠡ ᠴᠠᠭ ᠦᠶ᠎ᠡ ᠶᠢ | ᠡᠭᠦᠳᠦᠨ᠎ᠡ ᠃ | ᠲᠠ ᠣᠯᠠᠨ ᠳᠤ ᠪᠠᠶᠠᠷᠯᠠᠯ᠎ᠠ ︕ | ︵ ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 21 ᠤ ᠴᠠᠭᠢᠯᠭᠠᠨ ᠮᠡᠳᠡᠭᠡ ︶ | | | |