| ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 23 ᠤ ᠴᠠᠬᠢᠯᠭᠠᠨ ᠮᠡᠳᠡᠭᠡ 11 ᠰᠠᠷ᠎ᠠ ᠶᠢᠨ 23 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ ᠃ | ᠰᠢ ᠶᠢᠨ ᠫᠢᠩ ᠂ ᠣᠳᠣᠬᠠᠨ ᠳᠤ ᠂ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶ᠎ᠠ ᠥᠷᠨᠢᠨ ᠬᠥᠭᠵᠢᠵᠦ ᠂ ᠣᠯᠠᠨ ᠤᠯᠤᠰ ᠤᠨ ᠠᠷᠠᠯᠵᠢᠶᠠᠨ ᠤ ᠰᠢᠨ᠎ᠡ | ᠭᠢᠯᠠᠰ ᠴᠡᠭ ᠪᠣᠯᠵᠠᠢ ᠃ ᠣᠶᠢᠷ᠎ᠠ ᠶᠢᠨ ᠵᠢᠯ ᠠᠴᠠ ᠂ ᠳᠤᠮᠳᠠᠳᠤ ᠤᠯᠤᠰ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ | ᠢᠳᠡᠪᠬᠢᠲᠡᠢ ᠵᠣᠯᠭᠠᠯᠴᠠᠵᠤ ᠂ ᠲᠣᠭᠠᠴᠢᠯᠠᠭᠰᠠᠨ ᠠᠷᠠᠯᠵᠢᠶᠠᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠲᠣᠭᠠᠴᠢᠯᠠᠭᠰᠠᠨ ᠠᠷᠠᠯᠵᠢᠶᠠᠨ ᠤ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠲᠠᠰᠤᠷᠠᠯᠲᠠ | ᠦᠭᠡᠢ ᠰᠢᠨ᠎ᠡ ᠠᠵᠠ ᠲᠣᠬᠢᠶᠠᠯ ᠬᠠᠩᠭᠠᠪᠠ ᠃ | ᠡᠯ᠎ᠡ ᠲᠠᠯ᠎ᠠ ᠶᠢᠨ ᠬᠢᠨ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠤ ᠲᠠᠪᠴᠠᠩ ᠢ ᠭᠦᠢᠴᠡᠳ ᠠᠰᠢᠭᠯᠠᠵᠤ ᠂ | ᠬᠠᠮᠲᠤᠷᠠᠯᠴᠠᠭ᠎ᠠ ᠬᠢᠬᠦ ᠶᠢ ᠬᠠᠮᠲᠤ ᠪᠠᠷ ᠵᠥᠪᠳᠡᠯᠴᠡᠵᠦ ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ ᠂ ᠲᠣᠭᠠᠴᠢᠯᠠᠭᠰᠠᠨ | ᠠᠷᠠᠯᠵᠢᠶ᠎ᠠ ᠶᠢ ᠬᠠᠮᠲᠤ ᠶᠢᠨ ᠬᠥᠭᠵᠢᠯᠲᠡᠡ ᠶᠢᠨ ᠰᠢᠨ᠎ᠡ ᠬᠥᠳᠡᠯᠭᠡᠭᠦᠷ ᠪᠣᠯᠭᠠᠵᠤ ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠡᠨᠧᠷᠭᠢ | ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃ | ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠲᠣᠰ ᠡᠳᠦᠷ ᠵᠧᠵᠢᠶᠠᠩ ᠮᠤᠵᠢ ᠶᠢᠨ | ᠬᠠᠩᠵᠸᠤ ᠬᠤᠲᠠ ᠳᠤ ᠡᠬᠢᠯᠡᠵᠦ ᠂ ︽ ᠲᠣᠭᠠᠴᠢᠯᠠᠭᠰᠠᠨ ᠠᠷᠠᠯᠵᠢᠶ᠎ᠠ ᠬᠤᠳᠠᠯᠳᠤᠭ᠎ᠠ ᠪᠠᠷ ᠪᠥᠬᠦ ᠪᠥᠮᠪᠥᠷᠴᠡᠭ ᠲᠤ ᠨᠡᠪᠲᠡᠷᠡᠨ᠎ᠡ ︾ ᠭᠡᠬᠦ ᠪᠠᠷ ᠭᠤᠣᠯ ᠰᠡᠳᠦᠪ ᠪᠣᠯᠭᠠᠵᠤ ᠂ | ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠬᠠᠮᠲᠤᠷᠠᠨ ᠭᠤᠣᠯᠯᠠᠨ ᠡᠷᠬᠢᠯᠡᠪᠡ ᠃ | |