| ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 22 ᠤᠨ ᠴᠠᠭᠢᠯᠭᠠᠨ ᠮᠡᠳᠡᠭᠡ 11 ᠰᠠᠷ᠎ᠠ ᠶᠢᠨ 22 ᠤᠨ ᠦᠳᠡ ᠶᠢᠨ ᠬᠤᠶᠢᠨ᠎ᠠ ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠦᠷᠦ᠋ᠭᠤᠸᠠᠢ ᠶᠢᠨ ᠶᠡᠷᠦᠩᠬᠡᠶᠢᠯᠡᠭᠴᠢ ᠯᠠᠺᠠᠯᠢᠶᠧ ᠲᠠᠢ ᠬᠡᠯᠡᠯᠴᠡᠭᠡ ᠬᠢᠪᠡ ᠃ ᠬᠤᠶᠠᠷ ᠤᠯᠤᠰ ᠤᠨ ᠲᠡᠷᠢᠭᠦᠨ ᠂ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠶᠢ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ ᠃ | | 11 ᠰᠠᠷ᠎ᠠ ᠶᠢᠨ 22 ᠤᠨ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠦᠷᠦ᠋ᠭᠤᠸᠠᠢ ᠶᠢᠨ ᠶᠡᠷᠦᠩᠬᠡᠶᠢᠯᠡᠭᠴᠢ ᠯᠠᠺᠠᠯᠢᠶᠧ ᠲᠠᠢ ᠬᠡᠯᠡᠯᠴᠡᠭᠡ ᠬᠢᠪᠡ ᠃ | ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠺᠠᠯᠢᠶᠧ ᠶᠢ ᠤᠭᠲᠤᠬᠤ | ᠶᠣᠰᠣᠯᠠᠯ ᠶᠠᠪᠤᠭᠤᠯᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ | ᠰᠢ ᠶᠢᠨ ᠫᠢᠩ ᠂ 2023 ᠣᠨ ᠪᠣᠯ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠤᠢ ᠪᠠ ᠦᠷᠦ᠋ᠭᠤᠸᠠᠢ ᠶᠢᠨ ︽ ᠨᠢᠭᠡ | ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠳᠤ ᠣᠷᠣᠯᠴᠠᠬᠰᠠᠨ 5 ᠵᠢᠯ ᠤᠨ ᠤᠢ ᠪᠣᠯᠣᠨ᠎ᠠ ᠃ ᠬᠠᠷᠢᠯᠴᠠᠭ᠎ᠠ ᠪᠠᠶᠢᠭᠤᠯᠤᠭᠰᠠᠨ 35 | ᠵᠢᠯ ᠤᠨ ᠲᠤᠷᠰᠢ ᠂ ᠬᠤᠶᠠᠷ ᠤᠯᠤᠰ ᠢᠶᠠᠷ ᠢᠶᠠᠨ ᠬᠠᠷᠢᠯᠴᠠᠨ ᠬᠦᠨᠳᠦᠳᠬᠡᠬᠦ ᠂ ᠡᠷᠬᠡ ᠲᠡᠭᠰᠢ ᠪᠠᠷ ᠬᠠᠨᠳᠤᠯᠴᠠᠬᠤ ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ | ᠭᠦᠷᠳᠡᠭᠦ ᠶᠢ ᠢᠮᠠᠭᠲᠠ ᠪᠠᠷᠢᠮᠲᠠᠯᠠᠵᠤ ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠨ ᠬᠥᠭᠵᠢᠪᠡ ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ ᠂ ᠬᠤᠶᠠᠷ ᠤᠯᠤᠰ ᠢᠶᠠᠷ ᠢᠶᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠰᠡᠳᠬᠢᠯ ᠨᠢᠭᠡᠳᠦᠨ ᠬᠢᠵᠢᠭ ᠢ | ᠡᠰᠡᠷᠭᠦᠴᠡᠵᠦ ᠂ ᠳᠤᠮᠳᠠᠳᠤ ᠦᠷᠦ᠋ᠭᠤᠸᠠᠢ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠳᠡᠭᠡᠭᠰᠢᠯᠡᠭᠦᠯᠵᠡᠢ ᠃ ᠳᠤᠮᠳᠠᠳᠤ ᠤᠯᠤᠰ ᠳᠤᠷᠠᠲᠠᠶ᠎ᠠ | ᠦᠷᠦ᠋ᠭᠤᠸᠠᠢ ᠶᠢᠨ ᠬᠢᠨ ᠲᠠᠢ ᠬᠠᠮᠲᠤ ᠪᠠᠷ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠪᠠᠷ ᠰᠢᠨ᠎ᠡ ᠭᠠᠷᠤᠭ᠎ᠠ ᠰᠢᠨ᠎ᠡ | ᠪᠠᠶᠢᠷᠢᠰᠢᠯ ᠪᠤᠯᠭᠠᠵᠤ ᠂ ᠬᠤᠶᠠᠷ ᠲᠠᠯ᠎ᠠ ᠶᠢᠨ ᠬᠠᠷᠢᠯᠴᠠᠭᠠᠨ ᠤ ᠲᠦᠪᠰᠢᠨ ᠢ ᠳᠡᠭᠡᠭᠰᠢᠯᠡᠭᠦᠯᠵᠦ ᠂ ᠬᠤᠶᠠᠷ ᠤᠯᠤᠰ ᠤᠨ ᠬᠠᠮᠲᠤᠷᠠᠯᠴᠠᠭᠠᠨ ᠤ ᠠᠭᠤᠯᠤᠭᠳᠠᠬᠤᠨ ᠢ | ᠪᠠᠶᠠᠯᠢᠭᠵᠢᠭᠤᠯᠵᠤ ᠂ ᠳᠤᠮᠳᠠᠳᠤ ᠦᠷᠦ᠋ᠭᠤᠸᠠᠢ ᠶᠢᠨ ᠬᠠᠷᠢᠯᠴᠠᠭ᠎ᠠ ᠶᠢ ᠠᠳᠠᠯᠢ ᠪᠤᠰᠤ ᠪᠠᠭᠲᠠᠭᠠᠮᠵᠢ ᠂ ᠠᠳᠠᠯᠢ ᠪᠤᠰᠤ ᠪᠠᠶᠢᠭᠤᠯᠤᠯ ᠂ ᠠᠳᠠᠯᠢ ᠪᠤᠰᠤ ᠰᠣᠶᠣᠯ ᠪᠦᠬᠦᠢ | ᠤᠯᠤᠰ ᠤᠨ ᠪᠦᠯᠬᠦᠮᠳᠡᠯ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠤᠯᠭᠠᠵᠤ ᠂ ᠥᠪᠡᠷ ᠥᠪᠡᠷ ᠤᠨ ᠤᠯᠤᠰ ᠤᠨ ᠢᠶᠠᠨ ᠬᠥᠭᠵᠢᠯᠲᠡ ᠳᠤ ᠨᠡᠩ ᠰᠠᠶᠢᠲᠤᠷ | ᠦᠢᠯᠡᠴᠢᠯᠡᠵᠦ ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠤᠭᠳᠠᠬᠤᠨ ᠪᠠ ᠠᠴᠢ ᠬᠤᠯᠪᠣᠭᠳᠠᠯ ᠢ ᠲᠠᠨᠢᠯᠴᠠᠭᠤᠯᠵᠤ ᠂ ᠳᠤᠮᠳᠠᠳᠤ ᠤᠯᠤᠰ | ᠳᠤᠷᠠᠲᠠᠶ᠎ᠠ ᠦᠷᠦ᠋ᠭᠤᠸᠠᠢ ᠶᠢᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠰᠣᠯᠢᠯᠴᠠᠭ᠎ᠠ ᠪᠠᠨ ᠴᠢᠩᠭᠠᠳᠬᠠᠵᠤ ᠂ ᠤᠯᠤᠰ ᠲᠦᠷᠦ ᠶᠢᠨ ᠢᠲᠡᠭᠡᠯᠴᠡᠭᠡ ᠪᠠᠨ | ᠨᠡᠮᠡᠭᠳᠡᠭᠦᠯᠵᠦ ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠵᠦ ᠂ ᠥᠪᠡᠷ ᠥᠪᠡᠷ ᠤᠨ ᠤᠯᠤᠰ ᠤᠨ ᠢᠶᠠᠨ ᠣᠳᠣᠬᠢᠴᠢᠯᠠᠯᠲᠠ ᠪᠠ ᠳᠡᠯᠡᠬᠡᠢ ᠶᠢᠨ | ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠤᠨ᠎ᠠ ᠃ ᠬᠤᠶᠠᠷ ᠲᠠᠯ᠎ᠠ ᠪᠠᠷ ᠢᠶᠠᠨ ᠬᠠᠤᠯᠢ ᠲᠣᠭᠲᠠᠭᠠᠬᠤ ᠪᠠᠶᠢᠭᠤᠯᠤᠮᠵᠢ ᠂ ᠲᠦᠷᠦ ᠶᠢᠨ ᠨᠠᠮ ᠂ ᠣᠷᠣᠨ ᠨᠤᠲᠤᠭ ᠤᠨ | ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠨᠢᠭᠲᠠᠷᠠᠭᠤᠯᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ | ᠲᠥᠯᠦᠪᠵᠢᠭᠦᠯᠭᠡ ᠳᠤ ᠭᠠᠷ ᠤᠨ ᠦᠰᠦᠭ ᠵᠢᠷᠤᠬᠤ ᠪᠠᠷ ᠠᠵᠠ ᠲᠣᠭᠢᠶᠠᠯ ᠪᠤᠯᠭᠠᠵᠤ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ | ᠴᠢᠩᠭᠠᠳᠬᠠᠵᠤ ᠂ ᠦᠢᠯᠡᠴᠢᠯᠡᠭᠡᠨ ᠤ ᠠᠷᠠᠯᠵᠢᠶ᠎ᠠ ᠂ ᠲᠣᠭᠠᠴᠢᠯᠠᠭᠰᠠᠨ ᠠᠵᠤ ᠠᠬᠤᠢ ᠂ ᠴᠡᠪᠡᠷ ᠡᠨᠧᠷᠭᠢ ᠵᠡᠷᠭᠡ ᠬᠦᠷᠢᠶᠡᠨ ᠤ ᠬᠠᠮᠲᠤᠷᠠᠯᠴᠠᠭᠠᠨ ᠤ ᠰᠢᠨ᠎ᠡ ᠬᠥᠳᠡᠯᠭᠡᠬᠦ | ᠡᠨᠧᠷᠭᠢ ᠶᠢ ᠪᠤᠶᠢᠵᠢᠭᠤᠯᠵᠤ ᠂ ᠳᠤᠮᠳᠠᠳᠤ ᠦᠷᠦ᠋ᠭᠤᠸᠠᠢ ᠶᠢᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠱᠠᠲᠤᠨ ᠳᠤ ᠣᠷᠣᠭᠤᠯᠬᠤ ᠶᠢ ᠠᠬᠢᠭᠤᠯᠤᠶ᠎ᠠ ᠃ ᠦᠷᠦ᠋ᠭᠤᠸᠠᠢ ᠶᠢᠨ ᠨᠡᠩ ᠤᠯᠠᠨ ᠴᠢᠨᠠᠷ ᠰᠠᠶᠢᠲᠠᠢ ᠮᠠᠯ ᠠᠵᠤ ᠠᠬᠤᠢ ᠲᠠᠷᠢᠶᠠᠯᠠᠩ ᠤᠨ | ᠪᠦᠲᠦᠭᠡᠭᠳᠡᠬᠦᠨ ᠪᠣᠯᠣᠨ ᠥᠨᠳᠥᠷ ᠨᠡᠮᠡᠯᠲᠡ ᠦᠷᠳᠡᠭ ᠲᠠᠢ ᠪᠦᠲᠦᠭᠡᠭᠳᠡᠬᠦᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠪᠠᠶᠠᠷᠯᠠᠨ ᠤᠭᠲᠤᠵᠤ ᠂ | ᠳᠤᠮᠳᠠᠳᠤ ᠤᠯᠤᠰ ᠤᠨ ᠠᠵᠤ ᠠᠬᠤᠶᠢᠯᠠᠯ ᠤᠨ ᠦᠷᠦ᠋ᠭᠤᠸᠠᠢ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠵᠤ ᠂ ᠦᠷᠦ᠋ᠭᠤᠸᠠᠢ ᠶᠢᠨ ᠬᠢᠨ | ᠦᠷᠭᠦᠯᠵᠢᠯᠡᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠬᠤ ᠶᠢ ᠬᠦᠰᠡᠵᠦ ᠪᠠᠶᠢᠨ᠎ᠠ ᠃ | ᠬᠤᠶᠠᠷ ᠲᠠᠯ᠎ᠠ ᠪᠠᠷ ᠢᠶᠠᠨ ᠰᠣᠶᠣᠯ ᠂ ᠪᠡᠶ᠎ᠡ ᠶᠢᠨ ᠲᠠᠮᠢᠷ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ ᠂ ᠬᠤᠶᠠᠷ ᠤᠯᠤᠰ ᠤᠨ ᠬᠥᠮᠥᠨ ᠬᠠᠷ᠎ᠠ ᠶᠢᠨ | ᠶᠠᠪᠤᠯᠴᠠᠭ᠎ᠠ ᠳᠤ ᠨᠡᠩ ᠤᠯᠠᠨ ᠲᠦᠭᠦᠮ ᠨᠥᠬᠦᠴᠡᠯ ᠪᠦᠷᠢᠯᠳᠦᠭᠦᠯᠵᠦ ᠥᠭᠭᠦᠶ᠎ᠠ ᠂ ᠳᠤᠮᠳᠠᠳᠤ ᠤᠯᠤᠰ ᠳᠤᠷᠠᠲᠠᠶ᠎ᠠ ᠦᠷᠦ᠋ᠭᠤᠸᠠᠢ ᠳᠤ ᠨᠡᠩ ᠤᠯᠠᠨ ᠰᠤᠷᠤᠯᠭ᠎ᠠ ᠶᠢᠨ | ᠱᠠᠩᠨᠠᠯ ᠤᠨ ᠮᠥᠩᠭᠦ ᠶᠢᠨ ᠣᠷᠣᠨ ᠲᠤᠭ᠎ᠠ ᠬᠠᠩᠭᠠᠨ᠎ᠠ ᠭᠡᠵᠦ ᠢᠯᠡᠳᠬᠡᠪᠡ ᠃ | ᠰᠢ ᠶᠢᠨ ᠫᠢᠩ ᠂ ᠳᠤᠮᠳᠠᠳᠤ ᠦᠷᠦ᠋ᠭᠤᠸᠠᠢ ᠶᠢᠨ ᠳᠡᠯᠡᠬᠡᠢ ᠶᠢᠨ ᠪᠠ ᠭᠠᠵᠠᠷ ᠣᠷᠣᠨ ᠤ ᠮᠠᠰᠢ ᠤᠯᠠᠨ ᠠᠰᠠᠭᠤᠳᠠᠯ ᠤᠨ ᠲᠠᠯ᠎ᠠ ᠪᠠᠷ ᠬᠢ ᠣᠶᠢᠯᠠᠭᠠᠭᠳᠠᠬᠤᠨ | ᠠᠳᠠᠯᠢᠪᠲᠤᠷ ᠪᠠᠶᠢᠵᠤ ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠪᠠ ᠬᠠᠮᠲᠤ ᠶᠢᠨ ᠠᠰᠢᠭ ᠲᠤᠰᠠ ᠲᠠᠢ ᠶᠤᠮ ᠂ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠲᠣᠭᠲᠠᠴᠠ ᠳᠠᠬᠢ ᠵᠣᠬᠢᠴᠠᠭᠤᠯᠭ᠎ᠠ | ᠬᠠᠮᠵᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ ᠂ ᠳᠡᠯᠡᠬᠡᠢ ᠶᠢᠷᠲᠢᠨᠴᠦ ᠶᠢ ᠨᠡᠩ ᠡᠩᠬᠡ ᠲᠠᠶᠢᠪᠤᠩ ᠂ ᠬᠥᠭᠵᠢᠯ ᠴᠡᠴᠡᠭᠯᠡᠯ ᠂ ᠲᠥᠪ ᠭᠤᠣᠯᠴᠢ ᠪᠤᠯᠭᠠᠬᠤ ᠶᠢᠨ | ᠲᠥᠯᠥᠭᠡ ᠬᠠᠮᠲᠤ ᠪᠠᠷ ᠴᠢᠷᠮᠠᠶᠢᠵᠤ ᠪᠣᠯᠣᠨ᠎ᠠ ᠃ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠤᠮᠳᠠᠳᠤ ᠤᠯᠤᠰ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠦᠷᠦ᠋ᠭᠤᠸᠠᠢ ᠶᠢᠨ ᠬᠢᠨ ᠤ ᠳᠤᠮᠳᠠᠳᠤ ᠤᠯᠤᠰ | ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ ᠪᠠᠶᠢᠬᠤ ᠶᠢ | ᠮᠠᠭᠲᠠᠨ ᠰᠠᠶᠢᠰᠢᠶᠠᠵᠤ ᠂ ᠡᠮᠦᠨᠡᠲᠦ ᠠᠮᠧᠷᠢᠺᠠ ᠲᠢᠪ ᠤᠨ ᠬᠠᠮᠲᠤ ᠶᠢᠨ ᠵᠠᠬ᠎ᠠ ᠳᠡᠯᠭᠡᠭᠦᠷ ᠵᠡᠷᠭᠡ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠳᠤᠮᠳᠠᠳᠤ | ᠤᠯᠤᠰ ᠯᠤᠭ᠎ᠠ ᠤᠯᠤᠰ ᠲᠦᠷᠦ ᠶᠢᠨ ᠶᠠᠷᠢᠯᠴᠠᠭ᠎ᠠ ᠪᠣᠯᠣᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠨᠢᠭᠲᠠᠷᠠᠭᠤᠯᠬᠤ ᠶᠢ ᠳᠡᠮᠵᠢᠨ᠎ᠠ ᠂ | ᠦᠷᠦ᠋ᠭᠤᠸᠠᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠬᠠᠮᠲᠤᠷᠠᠯᠴᠠᠭ᠎ᠠ ᠂ ᠳᠤᠮᠳᠠᠳᠤ ᠤᠯᠤᠰ ᠪᠣᠯᠣᠨ ᠡᠮᠦᠨᠡᠲᠦ ᠠᠮᠧᠷᠢᠺᠠ ᠲᠢᠪ ᠤᠨ ᠬᠠᠮᠲᠤᠷᠠᠯᠴᠠᠭ᠎ᠠ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ ᠃ | ᠯᠠᠺᠠᠯᠢᠶᠧ ᠂ ᠦᠷᠦ᠋ᠭᠤᠸᠠᠢ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠤᠢ ᠶᠢᠨ ᠲᠠᠰᠢᠷᠠᠮ ᠢᠶᠠᠷ ᠴᠢᠬᠤᠯᠠ ᠰᠠᠶᠢᠳ ᠨᠠᠷ ᠤᠨ ᠵᠥᠪᠯᠡᠯ | ᠪᠣᠯᠣᠨ ᠠᠵᠤ ᠠᠬᠤᠢ ᠠᠷᠠᠯᠵᠢᠶᠠᠨ ᠤ ᠲᠥᠯᠥᠭᠡᠯᠡᠭᠴᠢᠳ ᠤᠨ ᠪᠦᠯᠭᠦᠮ ᠢ ᠳᠠᠭᠠᠭᠤᠯᠤᠨ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ | ᠦᠷᠦ᠋ᠭᠤᠸᠠᠢ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 35 ᠵᠢᠯ ᠤᠨ ᠲᠤᠷᠰᠢ ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠢᠮᠠᠭᠲᠠ ᠡᠷᠬᠡ ᠲᠡᠭᠰᠢ ᠂ | ᠬᠦᠨᠳᠦᠳᠬᠡᠬᠦ ᠂ ᠬᠠᠷᠢᠯᠴᠠᠨ ᠠᠰᠢᠭᠲᠠᠢ ᠂ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠵᠤ ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ | ᠪᠠᠲᠤᠵᠢᠨ ᠪᠠᠬᠢᠵᠢᠵᠦ ᠂ ᠦᠷᠦ᠋ᠭᠤᠸᠠᠢ ᠳᠤᠮᠳᠠᠳᠤ ᠶᠢᠨ ᠬᠠᠷᠢᠯᠴᠠᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠪᠣᠯ ᠦᠷᠦ᠋ᠭᠤᠸᠠᠢ ᠶᠢᠨ ᠡᠯ᠎ᠡ ᠡᠲᠡᠭᠡᠳ ᠪᠣᠯᠣᠨ | ᠪᠦᠭᠦ ᠠᠷᠠᠳ ᠲᠦᠮᠡᠨ ᠤ ᠴᠢᠩᠭ᠎ᠠ ᠬᠠᠮᠲᠤ ᠶᠢᠨ ᠲᠠᠨᠢᠯᠲᠠ ᠪᠣᠯᠣᠨ᠎ᠠ ᠃ ᠦᠷᠦ᠋ᠭᠤᠸᠠᠢ ᠶᠢᠨ ᠵᠠᠰᠠᠭ ᠤᠨ ᠣᠷᠳᠣᠨ ᠳᠡᠯᠡᠬᠡᠢ ᠳᠡᠭᠡᠷ᠎ᠡ ᠭᠠᠭᠴᠠᠬᠠᠨ ᠳᠤᠮᠳᠠᠳᠤ ᠤᠯᠤᠰ | ᠪᠠᠶᠢᠬᠤ ᠶᠢ ᠮᠡᠳᠡᠷᠡᠵᠦ ᠪᠠᠶᠢᠨ᠎ᠠ ᠂ ᠨᠠᠶᠢᠷᠠᠮᠳᠠᠯ ᠢᠶᠠᠷ ᠨᠢᠭᠡᠳᠬᠡᠬᠦ ᠪᠣᠯ ᠳᠤᠮᠳᠠᠳᠤ ᠤᠯᠤᠰ ᠤᠨ ᠳᠣᠲᠣᠭᠠᠳᠤ ᠵᠠᠰᠠᠭ ᠮᠥᠨ ᠂ ᠡᠷᠬᠡᠪᠰᠢ ᠳᠤᠮᠳᠠᠳᠤ ᠤᠯᠤᠰ ᠤᠨ ᠠᠷᠠᠳ | ᠲᠦᠮᠡᠨ ᠥᠪᠡᠷ ᠢᠶᠠᠨ ᠲᠣᠭᠲᠠᠭᠠᠬᠤ ᠬᠡᠷᠡᠭᠲᠡᠢ ᠃ ᠦᠷᠦ᠋ᠭᠤᠸᠠᠢ ᠳᠤᠮᠳᠠᠳᠤ ᠴᠥᠮ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ ᠂ ᠴᠢᠯᠦᠭᠡᠲᠦ ᠠᠷᠠᠯᠵᠢᠶ᠎ᠠ ᠶᠢ | ᠬᠠᠮᠠᠭᠠᠯᠠᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠲᠣᠭᠲᠠᠭᠤᠨ ᠢ ᠠᠬᠢᠭᠤᠯᠬᠤ ᠪᠠᠷ ᠴᠢᠷᠮᠠᠶᠢᠵᠤ ᠪᠠᠶᠢᠨ᠎ᠠ ᠃ ᠦᠷᠦ᠋ᠭᠤᠸᠠᠢ ᠳᠤᠮᠳᠠᠳᠤ ᠶᠢᠨ ᠬᠠᠷᠢᠯᠴᠠᠭ᠎ᠠ | ᠨᠢᠭᠡᠨᠲᠡ ᠠᠵᠤ ᠠᠬᠤᠢ ᠠᠷᠠᠯᠵᠢᠶᠠᠨ ᠤ ᠬᠦᠷᠢᠶ᠎ᠡ ᠶᠢ ᠳᠠᠪᠠᠵᠤ ᠂ ᠤᠯᠠᠨ ᠬᠠᠷᠠᠭᠠᠰᠤ ᠂ ᠥᠨᠳᠥᠷ ᠲᠦᠪᠰᠢᠨ ᠪᠦᠬᠦᠢ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ | ᠢᠯᠡᠷᠡᠪᠡ ᠃ ᠦᠷᠦ᠋ᠭᠤᠸᠠᠢ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠢᠳᠡᠪᠬᠢᠲᠡᠢ ᠲᠡᠮᠵᠢᠵᠤ ᠂ ᠲᠡᠷᠢᠭᠦᠯᠡᠭᠴᠢ ᠰᠢ ᠶᠢᠨ ᠫᠢᠩ ᠤᠨ | ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠵᠥᠪᠰᠢᠶᠡᠷᠡᠵᠦ ᠂ ᠠᠵᠤ ᠠᠬᠤᠢ ᠠᠷᠠᠯᠵᠢᠶ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠪᠡᠶ᠎ᠡ ᠶᠢᠨ ᠲᠠᠮᠢᠷ ᠂ ᠵᠢᠭᠤᠯᠴᠢᠯᠠᠯ ᠵᠡᠷᠭᠡ | ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠦᠷᠦ᠋ᠭᠤᠸᠠᠢ ᠳᠤ ᠬᠦᠷᠴᠦ ᠪᠡᠯᠡ | ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ ᠂ ᠦᠷᠦ᠋ᠭᠤᠸᠠᠢ ᠳᠤ ᠨᠡᠩ ᠤᠯᠠᠨ ᠺᠦᠩᠽᠢ ᠶᠢᠨ ᠳᠡᠭᠡᠳᠦ ᠰᠤᠷᠭᠠᠭᠤᠯᠢ ᠪᠠᠶᠢᠭᠤᠯᠤᠨ ᠂ ᠬᠤᠶᠠᠷ | ᠤᠯᠤᠰ ᠤᠨ ᠬᠥᠮᠥᠰ ᠤᠨ ᠶᠠᠪᠤᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠬᠤ ᠶᠢ ᠳᠡᠮᠵᠢᠨ᠎ᠡ ᠃ ᠦᠷᠦ᠋ᠭᠤᠸᠠᠢ ᠶᠢᠨ ᠬᠢᠨ ᠳᠤᠮᠳᠠᠳᠤ | ᠤᠯᠤᠰ ᠯᠤᠭ᠎ᠠ ᠴᠢᠯᠦᠭᠡᠲᠦ ᠠᠷᠠᠯᠵᠢᠶᠠᠨ ᠤ ᠬᠠᠮᠲᠤᠷᠠᠯᠴᠠᠭ᠎ᠠ ᠪᠠᠨ ᠲᠦᠷᠭᠡᠳᠬᠡᠨ ᠠᠬᠢᠭᠤᠯᠬᠤ ᠶᠢᠨ ᠬᠠᠮᠲᠤ ᠡᠮᠦᠨᠡᠲᠦ ᠠᠮᠧᠷᠢᠺᠠ ᠲᠢᠪ ᠤᠨ ᠬᠠᠮᠲᠤ ᠶᠢᠨ ᠵᠠᠬ᠎ᠠ | ᠳᠡᠯᠭᠡᠭᠦᠷ ᠤᠨ ᠡᠨᠡ ᠬᠦ ᠬᠠᠷᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠃ ᠦᠷᠦ᠋ᠭᠤᠸᠠᠢ ᠶᠢᠨ ᠬᠢᠨ ᠳᠤᠷᠠᠲᠠᠶ᠎ᠠ ᠯᠠᠲ᠋ᠢᠨ ᠠᠮᠧᠷᠢᠺᠠ ᠲᠢᠪ | ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠪᠣᠯᠣᠨ ᠯᠠᠲ᠋ᠢᠨ ᠠᠮᠧᠷᠢᠺᠠ ᠲᠢᠪ ᠪᠠ | ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠶᠠᠷᠢᠶᠠᠨ ᠤ ᠲᠠᠪᠴᠠᠩ ᠤᠨ ᠪᠠᠶᠢᠭᠤᠯᠤᠯᠲᠠ ᠳᠤ ᠢᠳᠡᠪᠬᠢᠲᠡᠢ ᠦᠢᠯᠡᠳᠦᠯ | ᠦᠵᠡᠭᠦᠯᠦᠨ᠎ᠡ ᠭᠡᠵᠦ ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠤᠯᠤᠰ ᠤᠨ ᠲᠡᠷᠢᠭᠦᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭᠠᠨ ᠤ ᠲᠥᠯᠦᠪᠵᠢᠭᠦᠯᠭᠡ ᠂ ᠠᠷᠠᠯᠵᠢᠶ᠎ᠠ ᠪᠡᠯᠡ ᠣᠷᠣᠭᠤᠯᠤᠯᠲᠠ ᠂ ᠲᠣᠭᠠᠴᠢᠯᠠᠭᠰᠠᠨ ᠠᠵᠤ ᠠᠬᠤᠢ ᠂ ᠪᠣᠬᠢᠷᠳᠤᠯ ᠦᠭᠡᠢ ᠬᠥᠭᠵᠢᠯᠲᠡ ᠂ ᠬᠥᠳᠡᠭᠡ ᠠᠵᠤ | ᠠᠬᠤᠢ ᠂ ᠡᠷᠡᠭᠦᠯ ᠬᠠᠮᠠᠭᠠᠯᠠᠯ ᠂ ᠰᠤᠷᠭᠠᠨ ᠬᠥᠮᠦᠵᠢᠯ ᠂ ᠰᠣᠶᠣᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠣᠨ ᠪᠣᠭᠤᠮᠲᠠ ᠶᠢᠨ | ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ | ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠺᠠᠯᠢᠶᠧ ᠶᠢ ᠤᠭᠲᠤᠬᠤ | ᠶᠣᠰᠣᠯᠠᠯ ᠶᠠᠪᠤᠭᠤᠯᠪᠠ ᠃ | ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ | ᠳᠡᠪᠰᠢᠭᠦᠯᠪᠡ ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠦᠷᠦ᠋ᠭᠤᠸᠠᠢ ᠬᠤᠶᠠᠷ | ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠯᠠᠺᠠᠯᠢᠶᠧ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠲᠤᠰ ᠣᠷᠣᠢ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠯᠠᠺᠠᠯᠢᠶᠧ ᠶᠢ ᠤᠭᠲᠤᠬᠤ ᠳᠠᠶᠢᠯᠠᠯᠭ᠎ᠠ | ᠬᠢᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | ᠯᠠᠺᠠᠯᠢᠶᠧ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠬᠤᠭᠤᠴᠠᠭᠠᠨ ᠳᠠᠭᠠᠨ ᠂ ᠬᠤᠶᠠᠷ ᠲᠠᠯ᠎ᠠ ᠪᠠᠷ ᠢᠶᠠᠨ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠣᠯᠣᠨ ᠪᠦᠭᠦᠳᠡ ᠨᠠᠶᠢᠷᠠᠮᠳᠠᠬᠤ ᠦᠷᠦ᠋ᠭᠤᠸᠠᠢ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ | ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃ | | | |