ᠪᠦᠬᠦ ᠣᠷᠣᠨ ᠤ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢ ᠠᠬᠢᠭᠤᠯᠬᠤ ᠬᠤᠷᠠᠯ ᠢ ᠬᠤᠷᠠᠯᠳᠤᠭᠤᠯᠪᠠ ᠶᠠᠩ ᠸᠧᠢ ᠳ᠋ᠦᠩ ᠶᠠᠷᠢᠶ᠎ᠠ ᠲᠠᠯᠪᠢᠵᠤ ᠳᠠᠶᠢᠴᠢᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/11/24
     11 ᠳ᠋ᠦ᠋ᠭᠡᠷ ᠰᠠᠷ᠎ᠠ ᠶᠢᠨ 23 ᠤ ᠡᠳᠦᠷ ᠂ ᠪᠥᠬᠦ ᠣᠷᠣᠨ ᠤ ︽ ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢ ᠠᠬᠢᠭᠤᠯᠬᠤ ᠬᠤᠷᠠᠯ ᠢ ᠬᠤᠷᠠᠯᠳᠤᠭᠤᠯᠪᠠ ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠶᠠᠩ ᠸᠧᠢ ᠳ᠋ᠦᠩ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠢ ᠡᠷᠬᠢᠯᠡᠪᠡ ᠃    ᠬᠤᠷᠠᠯ ᠳᠤ ᠂ ︽ ᠮᠢᠩᠭ᠎ᠠ ᠲᠦᠮᠡ ᠶᠢᠨ ᠢᠨᠵᠧᠨᠧᠷᠢᠩ ︾ ᠪᠣᠯ ᠶᠡᠷᠦᠩᠬᠡᠢ ᠱᠦᠵᠢ ᠰᠢ ᠶᠢᠨ ᠫᠢᠩ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠤ ᠪᠠᠨ ᠪᠡᠶ᠎ᠡ ᠪᠠᠷ ᠢᠶᠠᠨ ᠲᠥᠯᠥᠪᠯᠡᠵᠦ ᠂ ᠪᠡᠶ᠎ᠡ ᠪᠠᠷ ᠢᠶᠠᠨ ᠪᠠᠶᠢᠷᠢᠯᠠᠭᠤᠯᠵᠤ ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯᠣᠨ᠎ᠠ ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ︽ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠭᠠᠷᠳᠠᠴᠠ ᠪᠣᠯᠣᠨ᠎ᠠ ᠃ ᠲᠥᠯᠥᠪᠯᠡᠨ ᠳᠠᠭᠠᠭᠤᠯᠬᠤ ᠶᠢ ᠪᠠᠷᠢᠮᠲᠠᠯᠠᠵᠤ ᠂ ᠰᠠᠶᠢᠲᠤᠷ ᠪᠠᠶᠢᠷᠢᠯᠠᠭᠤᠯᠬᠤ ᠮᠥᠷᠲᠡᠭᠡᠨ ᠪᠠᠰᠠ ᠰᠠᠶᠢᠲᠤᠷ ᠲᠥᠯᠥᠪᠯᠡᠬᠦ ᠬᠡᠷᠡᠭᠲᠡᠢ ︔ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠣᠬᠢᠷᠠᠭᠤᠯᠬᠤ ᠶᠢ ᠪᠠᠷᠢᠮᠲᠠᠯᠠᠵᠤ ᠂ ᠶᠡᠭᠡ ᠳᠤ ᠰᠢᠨᠤᠵᠤ ᠪᠦᠷᠢᠨ ᠢ ᠬᠥᠭᠡᠭᠡᠴᠡᠯᠳᠦᠬᠦ ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠂ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠬᠦ ᠂ ᠮᠢᠩᠭᠠᠨ ᠲᠣᠰᠬᠤᠨ ᠢ ᠨᠢᠭᠡ ᠯᠡ ᠬᠡᠪ ᠲᠠᠢ ᠪᠠᠶᠢᠯᠭᠠᠬᠤ ᠭᠡᠵᠦ ᠣᠷᠣᠯᠳᠤᠬᠤ ᠦᠭᠡᠢ ︔ ᠰᠢᠰᠲ᠋ᠧᠮᠲᠦ ᠦᠵᠡᠯ ᠢ ᠪᠠᠷᠢᠮᠲᠠᠯᠠᠵᠤ ᠂ ᠬᠦᠴᠦ ᠪᠠᠨ ᠲᠥᠪᠯᠡᠷᠡᠭᠦᠯᠦᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠵᠦ ᠂ ᠰᠢᠶᠠᠨ ᠤ ᠬᠡᠪᠴᠢᠶᠡᠨ ᠳᠠᠬᠢ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ︔ ᠣᠯᠠᠨ ᠲᠦᠮᠡ ᠶᠢᠨ ᠳᠤ ᠲᠦᠰᠢᠭᠯᠡᠬᠦ ᠶᠢ ᠪᠠᠷᠢᠮᠲᠠᠯᠠᠨ ᠂ ᠠᠵᠢᠯ ᠢᠶᠠᠷ ᠲᠡᠳᠬᠦᠮᠵᠢ ᠶᠢ ᠣᠷᠣᠯᠠᠭᠤᠯᠬᠤ ᠵᠡᠷᠭᠡ ᠵᠠᠭᠪᠤᠷ ᠢ ᠰᠠᠶᠢᠲᠤᠷ ᠬᠡᠷᠡᠭᠯᠡᠵᠦ ᠂ ᠮᠠᠯᠴᠢᠨ ᠲᠠᠷᠢᠶᠠᠴᠢᠨ ᠢ ᠦᠨᠡᠨ ᠬᠦ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠴᠢ ᠂ ᠬᠢᠨᠠᠭᠴᠢ ᠂ ᠠᠰᠢᠭ ᠬᠦᠷᠲᠡᠭᠴᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃    ᠬᠤᠷᠠᠯ ᠳᠤ ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠤᠯᠠᠨ ᠡᠰᠢᠲᠦ ᠪᠡᠯᠡ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠳᠤᠲᠠᠭᠳᠠᠯ ᠪᠠᠭᠤᠷᠠᠢ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠦᠵᠡᠭᠦᠯᠬᠦ ᠶᠢ ᠲᠤᠪᠤᠶᠢᠯᠭᠠᠵᠦ ᠂ ︽ ᠮᠢᠩᠭ᠎ᠠ ᠲᠦᠮᠡ ᠶᠢᠨ ᠢᠨᠵᠧᠨᠧᠷᠢᠩ ︾ ᠢ ᠰᠤᠷᠤᠯᠴᠠᠨ ᠬᠡᠷᠡᠭᠯᠡᠭᠰᠡᠨ ᠲᠤᠷᠰᠢᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃         
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ