| ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 11 | ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ ᠂ ︽ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ | ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠰᠠᠨᠠᠯ ︾ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠳᠠᠭᠠᠳᠤ ᠶᠠᠪᠤᠳᠠᠯ ᠤᠨ | ᠠᠵᠢᠯ ᠢ ᠤᠳᠤᠷᠢᠳᠬᠤ ᠳᠦᠷᠢᠮ ︾ ᠢ ᠬᠢᠨᠠᠨ ᠵᠥᠪᠯᠡᠪᠡ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ ᠃ | ᠬᠤᠷᠠᠯ ᠠᠴᠠ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠣᠯᠣᠨ᠎ᠠ ᠃ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ ᠂ ᠦᠵᠡᠯ ᠰᠠᠨᠠᠭ᠎ᠠ ᠲᠠᠨᠢᠯᠲᠠ ᠂ ᠠᠮᠢ ᠠᠬᠤᠢ ᠣᠷᠴᠢᠨ ᠲᠣᠭᠤᠷᠢᠨ ᠂ ᠬᠥᠭᠵᠢᠯᠲᠡ ᠶᠢᠨ ᠭᠡᠯᠪᠡᠷᠢ ᠂ ᠣᠷᠣᠨ | ᠪᠦᠰᠡ ᠶᠢᠨ ᠠᠭᠤᠰᠤᠯᠴᠠᠯ ᠂ ᠥᠭᠡᠷᠡᠴᠢᠯᠡᠯᠲᠡ ᠨᠡᠭᠡᠭᠡᠯᠲᠡ ᠵᠡᠷᠭᠡ ᠲᠠᠯ᠎ᠠ ᠪᠠᠷ ᠴᠢᠬᠤᠯᠠ ᠶᠡᠭᠡ ᠬᠤᠪᠢᠷᠠᠯᠲᠠ ᠭᠠᠷᠴᠤ ᠂ ᠬᠥᠭᠵᠢᠯᠲᠡ ᠶᠢᠨ ᠶᠠᠰᠤ ᠴᠢᠨᠠᠷ | ᠲᠣᠭᠲᠠᠭᠤᠨ ᠢᠶᠠᠷ ᠳᠡᠭᠡᠭᠰᠢᠯᠡᠵᠦ ᠂ ᠬᠥᠭᠵᠢᠯᠲᠡ ᠶᠢᠨ ᠪᠠᠶᠢᠳᠠᠯ ᠡᠳᠦᠷ ᠢᠷᠡᠬᠦᠶ᠎ᠡ ᠰᠠᠶᠢᠵᠢᠷᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠳᠡᠭᠡᠷ᠎ᠡ ᠪᠠᠨ ᠬᠥᠬᠡᠮᠥ᠋ᠷᠡᠨ ᠤ | ᠰᠠᠪᠠ ᠭᠠᠵᠠᠷ ᠤᠨ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠳᠤ ᠲᠦᠰᠢᠭᠯᠡᠳᠡᠭ ᠃ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ ᠂ ᠶᠡᠭᠡ ᠨᠡᠭᠡᠭᠡᠯᠲᠡ | ᠬᠢᠬᠦ ᠦᠭᠡᠢ ᠪᠠᠶᠢᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠳᠡᠭᠡᠷ᠎ᠡ ᠨᠠᠩ ᠶᠡᠭᠡ ᠬᠦᠴᠦ ᠣᠷᠣᠭᠤᠯᠵᠤ ᠂ ᠠᠮᠢ | ᠠᠬᠤᠢ ᠶᠢᠨ ᠤᠯᠠᠭᠠᠨ ᠱᠤᠭᠤᠮ ᠢ ᠪᠠᠲᠤ ᠰᠠᠬᠢᠨ ᠬᠠᠮᠢᠶᠠᠷᠴᠤ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠂ ᠪᠣᠬᠢᠷᠳᠤᠯ ᠢ ᠪᠠᠭᠠᠰᠬᠠᠬᠤ ᠂ | ᠨᠣᠭᠤᠭᠠᠷᠠᠭᠤᠯᠤᠯᠲᠠ ᠶᠢ ᠥᠷᠭᠡᠳᠬᠡᠬᠦ ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠭᠤᠣᠯ ᠬᠥᠳᠡᠯᠭᠡᠬᠦ ᠬᠦᠴᠦᠨ ᠪᠤᠯᠭᠠᠬᠤ ᠶᠢ ᠪᠠᠷᠢᠮᠲᠠᠯᠠᠵᠤ ᠂ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ | ᠢᠳᠡᠪᠬᠢᠲᠡᠢ ᠨᠡᠭᠡᠭᠡᠵᠦ ᠂ ᠣᠷᠣᠨ ᠪᠦᠰᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢᠨ ᠠᠭᠤᠰᠤᠯᠴᠠᠯ ᠢ ᠴᠢᠩᠭᠠᠳᠬᠠᠵᠤ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠬᠤ ᠬᠡᠷᠡᠭᠲᠡᠢ ᠃ ᠮᠥᠷᠡᠨ ᠳᠠᠭᠠᠤ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ ᠰᠢᠯᠵᠢᠯᠲᠡ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠢ ᠨᠡᠩ ᠰᠠᠶᠢᠲᠤᠷ | ᠬᠤᠯᠪᠣᠯᠳᠤᠭᠤᠯᠤᠨ ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠵᠦ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ ᠳᠣᠲᠣᠭᠠᠳᠤ ᠬᠥᠳᠡᠯᠭᠡᠬᠦ | ᠬᠦᠴᠦᠨ ᠪᠣᠯᠣᠨ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ ᠂ ᠤᠯᠠᠨ ᠤᠯᠤᠰ ᠤᠨ ᠣᠷᠴᠢᠯ ᠤᠨ ᠲᠠᠲᠠᠬᠤ ᠬᠦᠴᠦᠨ ᠪᠠ ᠠᠬᠢᠭᠤᠯᠬᠤ ᠬᠦᠴᠦᠨ ᠢ ᠴᠢᠩᠭᠠᠳᠬᠠᠬᠤ | ᠬᠡᠷᠡᠭᠲᠡᠢ ᠃ ᠮᠤᠵᠢ ᠶᠢᠨ ᠬᠤᠭᠤᠷᠣᠨᠳᠤ ᠬᠠᠮᠲᠤ ᠪᠠᠷ ᠵᠥᠪᠳᠡᠬᠦ ᠂ ᠠᠮᠢ ᠠᠬᠤᠢ ᠶᠢ ᠬᠠᠮᠲᠤ ᠪᠠᠷ ᠵᠠᠰᠠᠬᠤ ᠂ ᠪᠦᠭᠦ ᠣᠷᠣᠨ ᠪᠦᠰᠡ ᠶᠢ ᠬᠠᠮᠲᠤ ᠪᠠᠷ ᠪᠠᠶᠢᠭᠤᠯᠬᠤ ᠂ | ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ ᠂ ᠣᠷᠣᠨ ᠪᠦᠰᠡ ᠶᠢᠨ ᠵᠠᠮ ᠬᠠᠷᠢᠯᠴᠠᠭᠠᠨ ᠤ ᠨᠢᠭᠡ ᠴᠣᠭᠴᠠᠵᠢᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠴᠢᠬᠤᠯᠠ | ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ ᠃ | ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠤᠯᠤᠰ ᠤᠨ ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ ᠂ ᠰᠠᠪᠠ ᠭᠠᠵᠠᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ | ᠳᠡᠭᠡᠭᠰᠢᠯᠡᠭᠦᠯᠵᠦ ᠂ ᠬᠡᠰᠡᠭ ᠭᠠᠵᠠᠷ ᠤᠨ ᠲᠣᠭᠲᠠᠭᠤᠨ ᠪᠠᠶᠢᠬᠤ ᠪᠠᠷ ᠪᠦᠭᠦ ᠲᠠᠯ᠎ᠠ ᠶᠢᠨ ᠠᠮᠤᠷ ᠲᠦᠪᠰᠢᠨ ᠳᠤ ᠬᠤᠪᠢ ᠨᠡᠮᠡᠷᠢ ᠦᠵᠡᠭᠦᠯᠭᠦ ᠬᠡᠷᠡᠭᠲᠡᠢ ᠃ ᠲᠥᠪ ᠠᠴᠠ | ᠨᠢᠭᠡᠳᠦᠯᠲᠡᠢ ᠲᠥᠯᠥᠪᠵᠢᠭᠦᠯᠬᠦ ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ | ᠲᠣᠭᠲᠠᠴᠠ ᠶᠢ ᠪᠠᠷᠢᠮᠲᠠᠯᠠᠵᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ ᠂ ᠲᠦᠷᠦ ᠶᠢᠨ | ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ ᠂ ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢ | ᠠᠬᠢᠭᠤᠯᠬᠤ ᠬᠡᠷᠡᠭᠲᠡᠢ ᠃ ᠮᠥᠷᠡᠨ ᠳᠠᠭᠠᠤ ᠮᠤᠵᠢ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ ᠂ ᠠᠯᠬᠤᠮ ᠠᠯᠬᠤᠮ ᠢᠶᠠᠷ ᠴᠢᠷᠮᠠᠶᠢᠨ ᠠᠵᠢᠯᠯᠠᠵᠤ ᠂ | ᠯᠠᠪᠳᠠᠭᠤᠨ ᠪᠠᠲᠤᠲᠠᠢ ᠠᠬᠢᠭᠤᠯᠵᠤ ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ | ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠳᠠᠭᠠᠳᠤ ᠶᠠᠪᠤᠳᠠᠯ ᠤᠨ ᠠᠵᠢᠯ ᠢ ᠤᠳᠤᠷᠢᠳᠬᠤ ᠳᠦᠷᠢᠮ ︾ ᠳᠤ ᠨᠠᠮ ᠠᠴᠠ ᠭᠠᠳᠠᠭᠠᠳᠤ | ᠶᠠᠪᠤᠳᠠᠯ ᠤᠨ ᠠᠵᠢᠯ ᠢ ᠤᠳᠤᠷᠢᠳᠬᠤ ᠲᠤᠬᠠᠢ ᠲᠣᠭᠲᠠᠭᠠᠯ ᠭᠠᠷᠭᠠᠵᠤ ᠂ ᠤᠷᠳᠤ ᠬᠤᠭᠤᠴᠠᠭᠠᠨ ᠤ ᠲᠤᠷᠰᠢᠬᠢ ᠨᠠᠮ ᠤᠨ ᠭᠠᠳᠠᠭᠠᠳᠤ ᠶᠠᠪᠤᠳᠠᠯ ᠤᠨ ᠠᠵᠢᠯ ᠢ | ᠤᠳᠤᠷᠢᠳᠤᠭᠰᠠᠨ ᠰᠡᠳᠬᠢᠮᠵᠢ ᠣᠶᠢᠯᠠᠭᠠᠭᠳᠠᠬᠤᠨ ᠂ ᠪᠠᠶᠢᠭᠤᠯᠤᠮᠵᠢ ᠲᠣᠭᠲᠠᠴᠠ ᠪᠣᠯᠣᠨ ᠠᠮᠵᠢᠯᠲᠠ ᠲᠠᠢ ᠦᠢᠯᠡᠳᠦᠯᠭᠡ ᠶᠢ ᠳᠦᠷᠢᠮ ᠤᠨ ᠦᠷ᠎ᠡ ᠪᠦᠲᠦᠭᠡᠯ ᠪᠣᠯᠭᠠᠨ | ᠬᠤᠪᠢᠷᠠᠭᠤᠯᠵᠤ ᠂ ᠨᠠᠮ ᠤᠨ ᠲᠥᠪ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠲᠤᠬᠠᠢ ᠦᠨᠳᠦᠰᠦᠨ ᠪᠣᠳᠣᠯᠭ᠎ᠠ ᠴᠢᠭᠯᠡᠯᠲᠡ ᠪᠣᠯᠣᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠦᠴᠦᠲᠡᠢ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ | ᠭᠠᠷᠭᠠᠪᠠ ᠃ | ᠬᠤᠷᠠᠯ ᠠᠴᠠ ᠂ ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠨᠠᠭᠰᠢᠳᠠ | ᠴᠢᠩᠭᠠᠳᠬᠠᠬᠤ ᠬᠡᠷᠡᠭᠲᠡᠢ ᠃ ᠰᠢᠰᠲ᠋ᠧᠮ ᠲᠠᠢ ᠪᠦᠷᠢᠨ ᠲᠡᠭᠦᠯᠳᠡᠷ ᠭᠠᠳᠠᠭᠠᠳᠤ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ | ᠲᠦᠷᠭᠡᠪᠴᠢᠯᠡᠨ ᠪᠦᠷᠢᠯᠳᠦᠭᠦᠯᠵᠦ ᠂ ᠭᠠᠳᠠᠭᠠᠳᠤ ᠶᠠᠪᠤᠳᠠᠯ ᠤᠨ ᠠᠵᠢᠯ ᠤᠨ ᠳᠦᠷᠢᠮᠵᠢᠭᠰᠡᠨ ᠂ ᠵᠢᠷᠤᠮᠵᠢᠬᠰᠡᠨ ᠂ ᠰᠢᠨᠵᠢᠯᠡᠬᠦ ᠤᠬᠠᠭᠠᠨᠴᠢᠯᠠᠭᠰᠠᠨ ᠲᠦᠪᠰᠢᠨ ᠢ | ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠰᠢᠨ᠎ᠡ ᠠᠶᠠᠨ ᠳᠠᠬᠢ ᠨᠠᠮ ᠤᠨ ᠭᠠᠳᠠᠭᠠᠳᠤ ᠶᠠᠪᠤᠳᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ | ᠲᠠᠨᠢᠵᠤ ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠭᠠᠳᠠᠭᠠᠳᠤ ᠶᠠᠪᠤᠳᠠᠯ ᠤᠨ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠠᠬᠢᠭᠤᠯᠬᠤ ᠳᠤ ᠠᠰᠢᠭᠲᠠᠢ ᠨᠥᠬᠦᠴᠡᠯ ᠢ ᠡᠭᠦᠳᠴᠦ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠬᠠᠮᠠᠭᠠᠯᠠᠬᠤ ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ ᠃ | | | |