| ᠣᠶᠢᠷ᠎ᠠ ᠳᠤ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠪᠥᠬᠦ ᠤᠯᠤᠰ ᠤᠨ 2023 ᠣᠨ ᠤ ᠪᠣᠬᠢᠷᠲᠤᠯ ᠦᠭᠡᠢ ᠦᠢᠯᠡᠳᠬᠡᠯ ᠤᠨ | ᠨᠡᠷᠡᠰ ᠢ ᠨᠡᠶᠢᠲᠡᠯᠡᠪᠡ ᠂ ᠡᠭᠦᠨ ᠳᠤ ᠂ ᠮᠠᠨ ᠤ ᠣᠷᠣᠨ ᠤ ᠥᠪᠥᠷ ᠮᠣᠩᠭᠤᠯ ᠤᠨ ᠢᠦᠢ ᠬᠠᠩ ᠷᠧᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠵᠡᠷᠭᠡ 32 ᠠᠵᠤ ᠠᠬᠤᠶᠢᠯᠠᠯ ᠪᠣᠬᠢᠷᠲᠤᠯ ᠦᠭᠡᠢ ᠦᠢᠯᠡᠳᠪᠦᠷᠢ ᠳᠤ ᠵᠢᠭᠰᠠᠭᠠᠭᠳᠠᠵᠤ ᠂ ᠣᠷᠳᠣᠰ ᠤᠨ ᠮᠧᠩ ᠰᠦ᠋ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠵᠡᠷᠭᠡ 5 ᠬᠦᠷᠢᠶᠡᠯᠡᠩ ᠲᠣᠭᠤᠷᠢᠭ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠲᠤ ᠵᠢᠭᠰᠠᠭᠠᠭᠳᠠᠵᠤ ᠂ ᠪᠤᠭᠤᠲᠤ ᠶᠢᠨ ᠲᠢᠶᠠᠨ ᠾᠧ | ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠨ ᠤ | ᠬᠠᠮᠢᠶᠠᠷᠤᠯᠲᠠ ᠶᠢᠨ ᠠᠵᠤ ᠠᠬᠤᠶᠢᠯᠠᠯ ᠳᠤ ᠵᠢᠭᠰᠠᠭᠠᠭᠳᠠᠪᠠ ᠃ | ᠪᠣᠬᠢᠷᠲᠤᠯ ᠦᠭᠡᠢ ᠦᠢᠯᠡᠳᠬᠡᠯ ᠪᠣᠯ ᠣᠷᠴᠢᠨ ᠲᠣᠭᠤᠷᠢᠨ ᠤ ᠨᠥᠯᠥᠭᠡᠯᠡᠯ ᠪᠠ ᠡᠬᠢ ᠪᠠᠶᠠᠯᠢᠭ ᠤᠨ ᠦᠷ᠎ᠡ ᠠᠰᠢᠭ ᠢ ᠶᠡᠷᠦᠩᠬᠡᠶᠢᠯᠡᠨ ᠪᠣᠳᠣᠯᠬᠢᠯᠠᠭᠰᠠᠨ | ᠣᠳᠣᠬᠢᠴᠢᠯᠠᠭᠰᠠᠨ ᠦᠢᠯᠡᠳᠬᠡᠯ ᠤᠨ ᠵᠠᠭᠪᠤᠷ ᠮᠥᠨ ᠃ ᠣᠶᠢᠷ᠎ᠠ ᠶᠢᠨ ᠵᠢᠯ ᠤᠳ ᠲᠤ ᠂ ᠮᠠᠨ ᠤ ᠣᠷᠣᠨ ᠪᠣᠬᠢᠷᠲᠤᠯ ᠦᠭᠡᠢ ᠦᠢᠯᠡᠳᠬᠡᠯ ᠤᠨ ᠢᠨᠵᠧᠨᠧᠷᠢᠩ ᠢ | ᠭᠦᠨᠵᠡᠭᠡᠢ ᠬᠡᠷᠡᠭᠵᠢᠭᠦᠯᠵᠦ ᠂ ᠪᠣᠬᠢᠷᠲᠤᠯ ᠦᠭᠡᠢ ᠦᠢᠯᠡᠳᠬᠡᠯ ᠤᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠪᠣᠬᠢᠷᠲᠤᠯ | ᠦᠭᠡᠢ ᠦᠢᠯᠡᠳᠬᠡᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠦᠷᠭᠦᠯᠵᠢᠯᠡᠨ ᠪᠣᠶ ᠪᠣᠯᠭᠠᠵᠤ ᠂ ᠬᠢᠮᠢ ᠶᠢᠨ ᠠᠵᠤ ᠦᠢᠯᠡᠳᠪᠦᠷᠢ ᠂ ᠲᠡᠮᠦᠷᠯᠢᠭ ᠬᠠᠶᠢᠯᠤᠭᠤᠯᠬᠤ ᠂ | ᠪᠠᠷᠢᠯᠭ᠎ᠠ ᠶᠢᠨ ᠮᠠᠲ᠋ᠧᠷᠢᠶᠠᠯ ᠂ ᠢᠳᠡᠭᠡᠨ ᠡᠳ᠋ᠰᠢᠭᠦᠯᠬᠦ ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠭᠤᠣᠯᠳᠠᠯᠭ᠎ᠠ ᠲᠠᠢ ᠠᠵᠢᠯ ᠳᠤ ᠪᠣᠬᠢᠷᠲᠤᠯ ᠦᠭᠡᠢ ᠦᠢᠯᠡᠳᠬᠡᠯ ᠤᠨ | ᠵᠢᠱᠢᠶ᠎ᠡ ᠶᠢ ᠡᠭᠦᠳᠦᠨ ᠪᠠᠶᠢᠭᠤᠯᠪᠠ ᠃ ᠣᠲᠣ ᠪᠣᠯᠲᠠᠯ᠎ᠠ ᠂ ᠪᠥᠬᠦ ᠣᠷᠣᠨ ᠳᠤ ᠨᠡᠶᠢᠲᠡ 298 ᠪᠣᠬᠢᠷᠲᠤᠯ ᠦᠭᠡᠢ ᠦᠢᠯᠡᠳᠪᠦᠷᠢ ᠂ 24 ᠪᠣᠬᠢᠷᠲᠤᠯ ᠦᠭᠡᠢ | ᠬᠦᠷᠢᠶᠡᠯᠡᠩ ᠲᠣᠭᠤᠷᠢᠭ ᠂ 92 ᠪᠣᠬᠢᠷᠲᠤᠯ ᠦᠭᠡᠢ ᠲᠥᠯᠥᠪᠯᠡᠭᠡ ᠶᠢᠨ ᠪᠦᠲᠦᠭᠡᠭᠳᠡᠬᠦᠨ ᠂ 26 ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠡᠭᠦᠳᠦᠨ | ᠪᠠᠶᠢᠭᠤᠯᠵᠤ ᠂ ᠦᠢᠯᠡᠳᠬᠡᠯ ᠤᠨ ᠦᠢᠯᠡᠰ ᠤᠨ ᠪᠣᠬᠢᠷᠲᠤᠯ ᠦᠭᠡᠢ ᠦᠢᠯᠡᠳᠬᠦ ᠲᠦᠪᠰᠢᠨ ᠢᠯᠡᠳᠲᠡ ᠳᠡᠭᠡᠭᠰᠢᠯᠡᠪᠡ ᠃ | ᠳᠠᠷᠠᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠪᠣᠬᠢᠷᠲᠤᠯ ᠦᠭᠡᠢ ᠦᠢᠯᠡᠳᠬᠡᠯ ᠤᠨ | ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠤᠯᠠᠮ ᠡᠷᠴᠢᠮᠵᠢᠭᠦᠯᠵᠦ ᠂ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠬᠤ ᠂ | ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠴᠣᠭᠴᠠᠯᠠᠬᠤ ᠵᠡᠷᠭᠡ ᠲᠠᠯ᠎ᠠ ᠪᠠᠷ ᠥᠨᠳᠥᠷ | ᠪᠦᠲᠦᠮᠵᠢᠲᠡᠢ ᠂ ᠠᠷᠢᠭᠤᠨ ᠴᠡᠪᠡᠷ ᠂ ᠳᠣᠣᠷ᠎ᠠ ᠨᠡᠭᠦᠷᠡᠰᠦᠲᠥ᠋ᠷᠥᠭᠴᠢᠲᠦ ᠂ ᠡᠷᠭᠢᠯᠲᠡᠲᠦ ᠪᠣᠬᠢᠷᠲᠤᠯ ᠦᠭᠡᠢ ᠦᠢᠯᠡᠳᠬᠡᠯ ᠤᠨ ᠲᠣᠭᠲᠠᠯᠴᠠᠭ᠎ᠠ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠪᠣᠬᠢᠷᠲᠤᠯ ᠦᠭᠡᠢ ᠦᠢᠯᠡᠳᠬᠡᠯ ᠤᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠠᠵᠤ | ᠦᠢᠯᠡᠳᠪᠦᠷᠢ ᠶᠢᠨ ᠬᠦᠷᠢᠶᠡᠨ ᠤ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠵᠦ ᠂ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠪᠴᠢᠯᠡᠨ ᠠᠬᠢᠭᠤᠯᠵᠤ ᠂ ᠠᠵᠤ ᠦᠢᠯᠡᠳᠪᠦᠷᠢ ᠶᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ | | | |