| ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 28 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 11 | ᠰᠠᠷ᠎ᠠ ᠶᠢᠨ 27 ᠤ ᠦᠳᠡ ᠶᠢᠨ ᠬᠤᠶᠢᠨ᠎ᠠ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠷᠪᠠᠳᠤᠭᠠᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠂ | ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ | ᠠᠯᠤᠰ ᠭᠡᠳᠦ ᠶᠢᠨ ᠬᠡᠷᠡᠭᠴᠡᠭᠡ ᠪᠤᠯᠬᠤ ᠪᠠᠷ ᠪᠠᠷᠠᠬᠤ ᠦᠭᠡᠢ ᠂ ᠪᠠᠰᠠ ᠴᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ ᠂ ᠭᠠᠳᠠᠭᠠᠳᠤ ᠶᠢᠨ | ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠲᠤᠯᠭᠠᠮ ᠡᠭᠦᠷᠭᠡ ᠪᠣᠯᠣᠨ᠎ᠠ ᠃ ᠤᠯᠤᠰ ᠤᠨ ᠳᠣᠲᠣᠭᠠᠳᠤ ᠪᠠ ᠤᠯᠠᠨ ᠤᠯᠤᠰ ᠭᠡᠬᠦ ᠬᠤᠶᠠᠷ ᠶᠡᠭᠡ ᠲᠠᠯ᠎ᠠ ᠶᠢ | ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ ᠂ | ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠨᠵᠡᠭᠡᠢ ᠲᠠᠨᠢᠵᠤ ᠂ ᠴᠢᠨᠠᠷ | ᠰᠠᠶᠢᠲᠠᠢ ᠬᠥᠭᠵᠢᠯᠲᠡ ᠂ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠢᠰᠲ᠋ᠧᠮ | ᠪᠣᠯᠣᠨ ᠴᠢᠳᠠᠪᠤᠷᠢ ᠶᠢ ᠪᠠᠶᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠠᠰᠢᠭᠲᠠᠢ | ᠬᠠᠤᠯᠢᠵᠢᠯ ᠤᠨ ᠨᠥᠬᠦᠴᠡᠯ ᠪᠣᠯᠣᠨ ᠭᠠᠳᠠᠭᠠᠳᠤ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠦᠬᠠᠨ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ ᠬᠤᠸᠠᠩ ᠬᠤᠢ ᠺᠠᠩ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ ᠂ | ᠠᠵᠢᠯ ᠤᠨ ᠰᠠᠨᠠᠭᠤᠯᠭ᠎ᠠ ᠳᠤᠷᠠᠳᠴᠠᠢ ᠃ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ | ᠪᠥᠭᠡᠳ ᠶᠠᠷᠢᠯᠴᠠᠪᠠ ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠬᠠᠤᠯᠢ ᠴᠠᠭᠠᠵᠠ ᠪᠣᠯ ᠨᠡᠶᠢᠭᠡᠮ ᠤᠨ | ᠠᠮᠢᠳᠤᠷᠠᠯ ᠂ ᠤᠯᠤᠰ ᠤᠨ ᠵᠠᠰᠠᠯᠲᠠ ᠶᠢᠨ ᠪᠠᠷᠢᠮᠵᠢᠶ᠎ᠠ ᠮᠥᠨ ᠃ ᠭᠠᠳᠠᠭᠠᠳᠤ ᠲᠠᠢ ᠬᠤᠯᠪᠣᠭᠳᠠᠬᠤ ᠬᠠᠤᠯᠢ ᠳᠦᠷᠢᠮ ᠪᠣᠯ ᠤᠯᠤᠰ ᠤᠨ ᠬᠠᠤᠯᠢ ᠳᠦᠷᠢᠮ ᠤᠨ ᠴᠢᠬᠤᠯᠠ | ᠪᠦᠷᠢᠯᠳᠦᠭᠦᠨ ᠬᠡᠰᠡᠭ ᠮᠥᠨ ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠠᠭᠤᠷᠢ ᠮᠥᠨ ᠂ ᠲᠡᠷᠡ ᠨᠢ ᠦᠨᠳᠦᠰᠦ ᠶᠢ ᠪᠠᠬᠢᠵᠢᠭᠦᠯᠵᠦ ᠂ ᠵᠢᠱᠢᠯᠲᠡ ᠶᠢ | ᠲᠣᠭᠲᠠᠪᠤᠷᠢᠵᠢᠭᠤᠯᠤᠨ ᠂ ᠠᠯᠤᠰ ᠭᠡᠳᠤ ᠳᠤ ᠠᠰᠢᠭᠲᠠᠢ ᠪᠠᠶᠢᠯᠭᠠᠬᠤ ᠴᠢᠬᠤᠯᠠ ᠦᠢᠯᠡᠳᠦᠯ ᠢ ᠪᠠᠳᠠᠷᠠᠭᠤᠯᠵᠤ ᠪᠠᠶᠢᠳᠠᠭ ᠃ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠂ ᠡᠷᠬᠡᠪᠰᠢ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ ᠂ | ᠨᠡᠩ ᠢᠳᠡᠪᠬᠢᠲᠡᠢ ᠲᠡᠦᠬᠡᠨ ᠡᠭᠦᠷᠭᠡᠯᠡᠯ ᠪᠠ ᠪᠦᠲᠦᠭᠡᠯᠴᠢ ᠵᠣᠷᠢᠭ ᠰᠠᠨᠠᠭ᠎ᠠ ᠪᠠᠷ ᠮᠠᠨ ᠤ ᠤᠯᠤᠰ ᠤᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠢᠰᠲ᠋ᠧᠮ ᠪᠠ | ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ | ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠳᠤ ᠬᠤᠯᠪᠣᠭᠳᠠᠵᠤ ᠂ ᠮᠠᠨ ᠤ | ᠤᠯᠤᠰ ᠤᠨ ᠭᠠᠳᠠᠭᠠᠳᠤ ᠨᠡᠭᠡᠭᠡᠯᠲᠡ ᠪᠣᠯᠣᠨ ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠲᠠᠯ᠎ᠠ ᠳᠤ ᠬᠤᠯᠪᠣᠭᠳᠠᠨ᠎ᠠ ᠃ ᠭᠠᠳᠠᠭᠠᠳᠤ ᠲᠠᠢ ᠬᠤᠯᠪᠣᠭᠳᠠᠬᠤ | ᠬᠠᠤᠯᠢᠵᠢᠯ ᠤᠨ ᠠᠵᠢᠯ ᠢ ᠠᠬᠢᠭᠤᠯᠬᠤ ᠶᠢᠨ ᠦᠨᠳᠦᠰᠦᠨ ᠵᠣᠷᠢᠯᠭ᠎ᠠ ᠪᠣᠯ ᠬᠠᠤᠯᠢᠵᠢᠯ ᠤᠨ ᠠᠷᠭ᠎ᠠ ᠮᠠᠶ᠋ᠢᠭ ᠢᠶᠠᠷ ᠤᠯᠤᠰ ᠣᠷᠣᠨ ᠪᠠ ᠠᠷᠠᠳ ᠲᠦᠮᠡᠨ ᠤ ᠠᠰᠢᠭ | ᠲᠤᠰᠠ ᠶᠢ ᠨᠡᠩ ᠰᠠᠶᠢᠲᠤᠷ ᠬᠠᠮᠠᠭᠠᠯᠠᠵᠤ ᠂ ᠤᠯᠠᠨ ᠤᠯᠤᠰ ᠤᠨ ᠬᠠᠤᠯᠢᠵᠢᠯ ᠤᠨ ᠲᠠᠪᠰᠢᠯᠳᠠ ᠶᠢ ᠠᠬᠢᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠶᠤᠮ ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠪᠣᠯ ᠬᠤᠯᠪᠣᠭᠳᠠᠬᠤ ᠲᠠᠯ᠎ᠠ ᠨᠢ ᠥᠷᠭᠡᠨ ᠂ ᠬᠤᠯᠪᠣᠯᠳᠤᠨ ᠬᠥᠳᠡᠯᠦᠯᠴᠡᠬᠦ ᠴᠢᠨᠠᠷ ᠢᠶᠠᠷ | ᠴᠢᠩᠭ᠎ᠠ ᠰᠢᠰᠲ᠋ᠧᠮᠲᠦ ᠢᠨᠵᠧᠨᠧᠷᠢᠩ ᠮᠥᠨ ᠂ ᠡᠷᠬᠡᠪᠰᠢ ᠤᠯᠤᠰ ᠤᠨ ᠳᠣᠲᠣᠭᠠᠳᠤ ᠪᠠ ᠤᠯᠠᠨ ᠤᠯᠤᠰ ᠢ ᠨᠢᠭᠡᠳᠦᠯᠲᠡᠢ ᠲᠥᠯᠥᠪᠵᠢᠭᠦᠯᠵᠦ ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠪᠠᠷᠠᠯᠠᠯᠳᠤ ᠴᠢᠨᠠᠷᠲᠠᠢ ᠪᠣᠳᠣᠯᠬᠢᠯᠠᠬᠤ ᠂ ᠪᠦᠭᠦ ᠲᠠᠯ᠎ᠠ ᠶᠢᠨ ᠴᠢᠨᠠᠷᠲᠠᠢ ᠲᠥᠯᠥᠪᠯᠡᠬᠦ ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠪᠠᠶᠢᠷᠢᠰᠢᠭᠤᠯᠬᠤ ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠬᠤ ᠶᠢ ᠪᠠᠷᠢᠮᠲᠠᠯᠠᠵᠤ ᠂ ᠦᠵᠦ ᠲᠥᠯᠥᠪᠯᠡᠭᠡ ᠶᠢ ᠴᠢᠩᠭᠠᠳᠬᠠᠵᠤ ᠂ ᠭᠠᠳᠠᠭᠠᠳᠤ ᠲᠠᠢ | ᠬᠤᠯᠪᠣᠭᠳᠠᠬᠤ ᠬᠠᠤᠯᠢ ᠶᠢ ᠲᠣᠭᠲᠠᠭᠠᠬᠤ ᠂ ᠬᠠᠤᠯᠢ ᠬᠡᠷᠡᠭᠵᠢᠭᠦᠯᠬᠦ ᠂ ᠬᠠᠤᠯᠢ ᠪᠠᠷᠢᠬᠤ ᠂ ᠬᠠᠤᠯᠢ ᠶᠢ ᠵᠢᠷᠤᠮᠯᠠᠬᠤ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠨᠢᠭᠡ | ᠴᠣᠭᠴᠠᠵᠢᠭᠤᠯᠤᠨ ᠠᠬᠢᠭᠤᠯᠵᠤ ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠤᠨ ᠶᠡᠭᠡ ᠬᠠᠮᠵᠢᠯᠴᠠᠭᠰᠠᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠃ | ᠬᠠᠤᠯᠢ ᠲᠣᠭᠲᠠᠭᠠᠬᠤ ᠶᠢ ᠤᠷᠢᠳ ᠢᠶᠠᠷ ᠬᠡᠷᠡᠭᠵᠢᠭᠦᠯᠵᠦ ᠂ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭᠠᠬᠤ ᠲᠠᠶᠢᠯᠪᠤᠷᠢᠯᠠᠬᠤ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ ᠂ ᠰᠢᠰᠲ᠋ᠧᠮ ᠲᠠᠢ ᠪᠦᠷᠢᠨ ᠲᠥᠬᠦᠷ ᠭᠠᠳᠠᠭᠠᠳᠤ ᠲᠠᠢ ᠬᠤᠯᠪᠣᠭᠳᠠᠬᠤ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠬᠦ | ᠬᠡᠷᠡᠭᠲᠡᠢ ᠃ ᠬᠠᠷᠢᠯᠴᠠᠨ ᠬᠠᠮᠵᠢᠯᠴᠠᠭᠰᠠᠨ ᠥᠨᠳᠥᠷ ᠪᠦᠲᠦᠮᠵᠢᠲᠡᠢ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠬᠡᠷᠡᠭᠵᠢᠭᠦᠯᠬᠦ ᠰᠢᠰᠲ᠋ᠧᠮ ᠢ ᠪᠠᠶᠢᠭᠤᠯᠵᠤ ᠂ | ᠭᠠᠳᠠᠭᠠᠳᠤ ᠲᠠᠢ ᠬᠤᠯᠪᠣᠭᠳᠠᠬᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠦᠷ᠎ᠡ ᠠᠰᠢᠭ ᠢ ᠳᠡᠭᠡᠭᠰᠢᠯᠡᠭᠦᠯᠵᠦ ᠂ ᠭᠠᠳᠠᠭᠠᠳᠤ ᠲᠠᠢ ᠬᠤᠯᠪᠣᠭᠳᠠᠬᠤ ᠬᠠᠤᠯᠢ ᠪᠠᠷᠢᠬᠤ | ᠰᠢᠭᠦᠨ ᠲᠠᠰᠤᠯᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ ᠂ ᠭᠠᠳᠠᠭᠠᠳᠤ ᠲᠠᠢ ᠬᠤᠯᠪᠣᠭᠳᠠᠬᠤ ᠬᠠᠤᠯᠢ ᠪᠠᠷᠢᠬᠤ ᠶᠢᠨ ᠤᠯᠠᠨ ᠢ | ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠵᠦ ᠂ | ᠤᠯᠠᠨ ᠤᠯᠤᠰ ᠤᠨ ᠲᠡᠷᠢᠭᠦᠨ ᠵᠡᠷᠭᠡ ᠶᠢᠨ ᠬᠥᠨᠳᠡᠯᠡᠨ ᠠᠴᠠ ᠲᠠᠰᠤᠯᠬᠤ ᠨᠢᠭᠡ ᠪᠦᠯᠦᠭ ᠪᠠᠶᠢᠭᠤᠯᠤᠮᠵᠢ ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠢ ᠪᠤᠶᠢᠵᠢᠭᠤᠯᠬᠤ | ᠬᠡᠷᠡᠭᠲᠡᠢ ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠺᠤᠨᠰᠦ᠋ᠯ ᠤᠨ ᠬᠠᠮᠠᠭᠠᠯᠠᠯᠲᠠ ᠪᠠ | ᠬᠠᠮᠵᠢᠯᠴᠠᠭ᠎ᠠ ᠶᠢ ᠴᠢᠩᠭᠠᠳᠬᠠᠵᠤ ᠂ ᠮᠠᠨ ᠤ ᠤᠯᠤᠰ ᠤᠨ ᠭᠠᠳᠠᠭᠠᠳᠤ ᠳᠠᠬᠢ ᠠᠰᠢᠭ ᠲᠤᠰᠠ ᠶᠢ ᠬᠠᠮᠠᠭᠠᠯᠠᠬᠤ ᠬᠠᠤᠯᠢᠵᠢᠯ ᠤᠨ ᠠᠮᠤᠷ ᠲᠦᠪᠰᠢᠨ ᠤ ᠬᠡᠯᠬᠢᠶ᠎ᠡ ᠶᠢ | ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ ᠃ ᠲᠣᠭᠲᠠᠭᠠᠯ ᠳᠤ ᠨᠡᠶᠢᠴᠡᠬᠦ ᠤᠬᠠᠮᠰᠠᠷ ᠢᠶᠠᠨ ᠴᠢᠩᠭᠠᠳᠬᠠᠵᠤ ᠂ ᠮᠠᠨ ᠤ ᠤᠯᠤᠰ ᠤᠨ ᠠᠷᠠᠳ ᠢᠷᠭᠡᠳ ᠂ ᠠᠵᠤ | ᠠᠬᠤᠶᠢᠯᠠᠯ ᠤᠨ ︽ ᠭᠠᠳᠠᠭᠰᠢ ᠭᠠᠷᠬᠤ ︾ ᠶᠠᠪᠤᠴᠠ ᠳᠤ ᠲᠤᠬᠠᠢ ᠶᠢᠨ ᠭᠠᠵᠠᠷ ᠤᠨ ᠬᠠᠤᠯᠢ ᠲᠣᠭᠲᠠᠭᠠᠯ ᠪᠠ ᠵᠠᠩ ᠳᠠᠳᠬᠠᠯ ᠢ ᠤᠬᠠᠮᠰᠠᠷ ᠠᠴᠠ ᠪᠠᠨ ᠵᠢᠷᠤᠮᠯᠠᠨ | ᠰᠠᠬᠢᠬᠤ ᠂ ᠬᠠᠤᠯᠢᠵᠢᠯ ᠪᠠ ᠳᠦᠷᠢᠮ ᠢ ᠬᠡᠷᠡᠭᠯᠡᠨ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ | ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ ᠂ ᠤᠯᠠᠨ ᠤᠯᠤᠰ ᠤᠨ | ᠳᠦᠷᠢᠮ ᠢ ᠲᠣᠭᠲᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ ᠂ ᠤᠯᠠᠨ ᠤᠯᠤᠰ ᠤᠨ ᠬᠠᠷᠢᠯᠴᠠᠭ᠎ᠠ ᠶᠢᠨ ᠬᠠᠤᠯᠢᠵᠢᠯᠲᠠ ᠶᠢ ᠠᠬᠢᠭᠤᠯᠬᠤ ᠬᠡᠷᠡᠭᠲᠡᠢ ᠃ ᠪᠦᠭᠦ | ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ | ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠵᠤ ᠂ ᠤᠯᠠᠨ ᠤᠯᠤᠰ ᠤᠨ ᠰᠠᠶᠢᠨ ᠬᠠᠤᠯᠢ ᠪᠠᠷ ᠪᠦᠭᠦ ᠪᠥᠮᠪᠥᠷᠴᠡᠭ ᠤᠨ ᠴᠢᠳᠠᠮᠠᠭᠠᠢ | ᠵᠠᠰᠠᠯᠲᠠ ᠶᠢ ᠠᠬᠢᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠬᠠᠤᠯᠢᠵᠢᠯ ᠨᠢ ᠨᠡᠭᠡᠭᠡᠯᠲᠡ ᠲᠠᠢ ᠬᠠᠮᠲᠤ ᠤᠷᠤᠭᠰᠢᠯᠠᠳᠠᠭ ᠂ ᠭᠠᠳᠠᠭᠠᠳᠤ ᠨᠡᠭᠡᠭᠡᠯᠲᠡ ᠴᠢᠨᠠᠭᠰᠢᠳᠠ ᠠᠬᠢᠪᠠᠯ ᠂ ᠭᠠᠳᠠᠭᠠᠳᠤ ᠲᠠᠢ ᠬᠤᠯᠪᠣᠭᠳᠠᠬᠤ | ᠬᠠᠤᠯᠢᠵᠢᠯ ᠤᠨ ᠪᠠᠶᠢᠭᠤᠯᠤᠯᠲᠠ ᠶᠢ ᠪᠠᠰᠠ ᠴᠢᠨᠠᠭᠰᠢᠳᠠ ᠠᠬᠢᠭᠤᠯᠬᠤ ᠬᠡᠷᠡᠭᠲᠡᠢ ᠃ ᠬᠠᠤᠯᠢᠵᠢᠯ ᠤᠨ ᠰᠠᠭᠤᠷᠢᠨ ᠳᠡᠭᠡᠷ᠎ᠡ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠠᠬᠢᠭᠤᠯᠬᠤ ᠶᠢ ᠪᠠᠷᠢᠮᠲᠠᠯᠠᠵᠤ ᠂ ᠨᠡᠭᠡᠭᠡᠯᠲᠡ ᠶᠢ ᠥᠷᠭᠡᠳᠬᠡᠬᠦ ᠳᠤᠮᠳᠠ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠪᠠᠶᠢᠭᠤᠯᠤᠯᠲᠠ ᠶᠢ | ᠠᠬᠢᠭᠤᠯᠵᠤ ᠂ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠬᠠᠤᠯᠢᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ ᠃ | ᠬᠠᠤᠯᠢᠵᠢᠯ ᠪᠣᠯ ᠬᠠᠮᠤᠭ ᠤᠨ ᠰᠠᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠮᠥᠨ ᠂ ᠢᠯᠡ ᠲᠣᠳᠣ ᠭᠠᠳᠠᠭᠠᠳᠤ ᠲᠠᠢ ᠬᠤᠯᠪᠣᠭᠳᠠᠬᠤ ᠬᠠᠤᠯᠢ | ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠂ ᠤᠯᠤᠰ ᠤᠨ ᠳᠣᠲᠣᠭᠠᠳᠤ ᠤᠯᠠᠨ ᠤᠯᠤᠰ ᠤᠨ ᠬᠤᠶᠠᠷ ᠲᠦᠷᠦᠯ ᠤᠨ ᠳᠦᠷᠢᠮ ᠢ ᠰᠠᠶᠢᠲᠤᠷ | ᠬᠡᠷᠡᠭᠯᠡᠵᠦ ᠂ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠤᠯᠠᠨ ᠤᠯᠤᠰᠴᠢᠯᠠᠭᠰᠠᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠪᠦᠷᠢᠯᠳᠦᠭᠦᠯᠬᠦ ᠬᠡᠷᠡᠭᠲᠡᠢ ᠃ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠢ | ᠢᠳᠡᠪᠬᠢᠲᠡᠢ ᠰᠢᠩᠭᠡᠬᠡᠨ ᠠᠪᠴᠤ ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ | ᠴᠢᠯᠦᠭᠡᠲᠡᠢ ᠪᠠᠶᠢᠬᠤ ᠪᠠ ᠳᠥᠳᠠᠵᠢᠯᠳᠠ ᠶᠢᠨ ᠲᠦᠪᠰᠢᠨ ᠢ ᠳᠡᠭᠡᠭᠰᠢᠯᠡᠭᠦᠯᠵᠦ ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ | ᠰᠢᠨ᠎ᠡ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ ᠃ ᠳᠡᠯᠡᠬᠡᠢ ᠶᠢᠨ ᠲᠡᠷᠢᠭᠦᠨ ᠤ ᠲᠦᠪᠰᠢᠨ ᠢᠶᠠᠷ ᠪᠠᠷᠢᠮᠵᠢᠶᠠᠯᠠᠵᠤ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠵᠡᠷᠭᠡ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ ᠪᠣᠯᠪᠠᠰᠤᠷᠠᠩᠭᠤᠢ ᠲᠤᠷᠰᠢᠯᠭ᠎ᠠ ᠶᠢ ᠴᠠᠭ | ᠲᠤᠬᠠᠢ ᠳᠤᠨᠢ ᠬᠠᠤᠯᠢ ᠴᠠᠭᠠᠵᠠ ᠪᠣᠯᠭᠠᠨ ᠳᠡᠭᠡᠭᠰᠢᠯᠡᠭᠦᠯᠵᠦ ᠂ ᠨᠡᠭᠡᠭᠡᠯᠲᠡ ᠶᠢᠨ ᠲᠡᠰ ᠳᠠᠪᠬᠤᠷᠭ᠎ᠠ ᠨᠡᠩ ᠥᠨᠳᠥᠷ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ | ᠨᠡᠩ ᠰᠢᠯᠢᠳᠡᠭ ᠂ ᠨᠥᠯᠥᠭᠡᠯᠡᠬᠦ ᠦᠢᠯᠡᠳᠦᠯ ᠨᠡᠩ ᠴᠢᠩᠭ᠎ᠠ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠪᠠᠶᠢᠭᠤᠯᠬᠤ ᠬᠡᠷᠡᠭᠲᠡᠢ ᠃ ᠨᠡᠭᠡᠭᠡᠯᠲᠡ ᠶᠢᠨ ᠠᠮᠤᠷ | ᠲᠦᠪᠰᠢᠨ ᠢ ᠬᠠᠤᠯᠢ ᠶᠣᠰᠣᠭᠠᠷ ᠬᠠᠮᠠᠭᠠᠯᠠᠬᠤ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠃ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ | ᠠᠮᠢᠳᠤᠷᠠᠬᠤ ᠳᠤ ᠲᠦᠭᠦᠮ ᠦᠵᠡᠭᠦᠯᠭᠦ ᠦᠢᠯᠡᠴᠢᠯᠡᠭᠡᠨ ᠤ ᠠᠷᠭ᠎ᠠ ᠬᠡᠮᠵᠢᠶ᠎ᠡ ᠪᠠ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠲᠡᠭᠦᠯᠳᠡᠷᠵᠢᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠶᠣᠰᠣ | ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠂ ᠶᠣᠰᠣ ᠰᠤᠷᠲᠠᠬᠤᠨ ᠬᠠᠤᠯᠢ ᠴᠠᠭᠠᠵᠠ ᠶᠢ ᠵᠡᠷᠭᠡ ᠪᠠᠷ ᠰᠤᠷᠬᠤ ᠶᠢ ᠪᠠᠷᠢᠮᠲᠠᠯᠠᠵᠤ ᠂ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢ ᠴᠢᠩᠭᠠᠳᠬᠠᠵᠤ ᠂ ᠬᠠᠤᠯᠢ ᠶᠢᠨ ᠤᠬᠠᠭᠠᠨ ᠤ ᠬᠥᠮᠦᠵᠢᠯ ᠢ ᠰᠠᠶᠢᠲᠤᠷ ᠡᠷᠭᠢᠯᠡᠵᠦ ᠂ ᠦᠢᠯᠡᠳᠦᠯᠭᠡ ᠪᠠᠷ ᠤᠳᠤᠷᠢᠳᠤᠮᠵᠢ ᠪᠤᠯᠭᠠᠬᠰᠠᠨ ᠬᠥᠮᠥᠵᠢᠭᠦᠯᠬᠦ | ᠲᠣᠭᠲᠠᠴᠠ ᠶᠢ ᠲᠡᠭᠦᠯᠳᠡᠷᠵᠢᠭᠦᠯᠵᠦ ᠂ ᠨᠢᠭᠡ ᠪᠦᠯᠦᠭ ᠤᠯᠤᠰ ᠲᠦᠷᠦ ᠶᠢᠨ ᠵᠣᠭᠰᠣᠯᠲᠠ ᠨᠢ ᠡᠷᠡᠰ ᠪᠠᠲᠤ ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠳᠤ | ᠴᠠᠭᠠᠷᠠᠭᠰᠠᠨ ᠂ ᠤᠯᠠᠨ ᠤᠯᠤᠰ ᠤᠨ ᠳᠦᠷᠢᠮ ᠢ ᠨᠡᠪᠲᠡᠷᠬᠡᠢ ᠮᠡᠳᠡᠬᠦ ᠂ ᠭᠠᠳᠠᠭᠠᠳᠤ ᠲᠠᠢ ᠬᠤᠯᠪᠣᠭᠳᠠᠬᠤ ᠬᠠᠤᠯᠢ ᠴᠠᠭᠠᠵᠠ ᠶᠢᠨ ᠪᠣᠳᠠᠲᠤ ᠶᠠᠪᠤᠳᠠᠯ ᠳᠤ ᠨᠡᠪᠲᠡᠷᠡᠭᠰᠡᠨ | ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠴᠢᠳᠠᠪᠤᠷᠢᠲᠠᠨ ᠢ ᠡᠷᠲᠡᠬᠡᠨ ᠬᠥᠮᠥᠵᠢᠭᠦᠯᠦᠨ ᠭᠠᠷᠭᠠᠬᠤ ᠬᠡᠷᠡᠭᠲᠡᠢ ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠂ | ᠰᠢᠯᠢᠨ ᠰᠣᠩᠭᠤᠬᠤ ᠂ ᠬᠡᠷᠡᠭᠯᠡᠬᠦ ᠂ ᠬᠠᠮᠢᠶᠠᠷᠬᠤ ᠲᠣᠭᠲᠠᠴᠠ ᠶᠢ ᠪᠦᠷᠢᠨᠰᠢᠭᠦᠯᠵᠦ ᠂ ᠭᠠᠳᠠᠭᠠᠳᠤ ᠲᠠᠢ ᠬᠤᠯᠪᠣᠭᠳᠠᠬᠤ ᠳᠡᠭᠡᠳᠦ ᠲᠠᠰ ᠤᠨ ᠬᠠᠤᠯᠢᠵᠢᠯ ᠤᠨ | ᠴᠢᠳᠠᠪᠤᠷᠢᠲᠠᠨ ᠢ ᠬᠥᠮᠥᠵᠢᠭᠦᠯᠦᠨ ᠨᠥᠭᠡᠴᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ ᠃ ᠭᠠᠳᠠᠭᠠᠳᠤ ᠲᠠᠢ ᠬᠤᠯᠪᠣᠭᠳᠠᠬᠤ ᠺᠠᠳ᠋ᠷ ᠤᠨ ᠡᠩᠨᠡᠭᠡ ᠶᠢᠨ ᠬᠠᠤᠯᠢᠵᠢᠯ ᠤᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠠᠵᠢᠯ ᠤᠨ | ᠡᠩᠨᠡᠭᠡ ᠶᠢ ᠪᠠᠶᠢᠭᠤᠯᠬᠤ ᠬᠡᠷᠡᠭᠲᠡᠢ ᠃ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠢ ᠭᠦᠨᠳᠦᠳᠭᠡᠵᠦ ᠬᠠᠤᠯᠢ ᠶᠢ ᠰᠤᠷᠤᠯᠴᠠᠵᠤ ᠬᠠᠤᠯᠢ ᠶᠢ | ᠰᠠᠬᠢᠵᠤ ᠬᠠᠤᠯᠢ ᠶᠢ ᠬᠡᠷᠡᠭᠯᠡᠵᠦ ᠂ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠰᠡᠳᠬᠢᠬᠦᠢ ᠪᠠ ᠬᠠᠤᠯᠢ ᠶᠣᠰᠣᠭᠠᠷ ᠠᠵᠢᠯᠯᠠᠬᠤ ᠴᠢᠳᠠᠪᠤᠷᠢ ᠪᠠᠨ ᠦᠨᠡᠨ ᠬᠦ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠬᠠᠤᠯᠢᠵᠢᠯ ᠤᠨ ᠢᠲᠡᠭᠡᠯ ᠢᠶᠠᠨ ᠪᠠᠲᠤᠳᠬᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ | ᠣᠶᠢᠯᠠᠭᠠᠭᠳᠠᠬᠤᠨ ᠂ ᠵᠣᠷᠢᠯᠲᠠ ᠪᠣᠯᠣᠨ ᠠᠮᠵᠢᠯᠲᠠ ᠲᠠᠢ ᠦᠢᠯᠡᠳᠦᠯᠭᠡ ᠶᠢ ᠢᠳᠡᠪᠬᠢᠲᠡᠢ ᠲᠠᠶᠢᠯᠪᠤᠷᠢᠯᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠬᠠᠤᠯᠢᠵᠢᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠃ ᠭᠠᠳᠠᠭᠠᠳᠤ ᠲᠠᠢ ᠬᠤᠯᠪᠣᠭᠳᠠᠬᠤ ᠬᠠᠤᠯᠢᠵᠢᠯ ᠤᠨ ᠤᠨᠤᠯ ᠪᠠ ᠦᠢᠯᠡᠳᠦᠯᠭᠡ ᠶᠢᠨ ᠬᠤᠰᠢᠭᠤᠷᠠᠯ | ᠰᠡᠳᠦᠪ ᠤᠨ ᠰᠤᠳᠤᠯᠭᠠᠨ ᠢ ᠴᠢᠩᠭᠠᠳᠬᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠂ ᠳᠤᠮᠳᠠᠳᠤ ᠭᠠᠳᠠᠭᠠᠳᠤ ᠠᠭᠤᠰᠤᠯᠴᠠᠨ ᠨᠡᠪᠲᠡᠷᠡᠯᠴᠡᠭᠰᠡᠨ ᠭᠠᠳᠠᠭᠠᠳᠤ ᠲᠠᠢ | ᠬᠤᠯᠪᠣᠭᠳᠠᠬᠤ ᠬᠠᠤᠯᠢᠵᠢᠯ ᠤᠨ ᠤᠨᠤᠯ ᠤᠨ ᠰᠢᠰᠲ᠋ᠧᠮ ᠪᠠ ᠦᠭᠡ ᠬᠡᠯᠡᠬᠦ ᠰᠢᠰᠲ᠋ᠧᠮ ᠢ ᠪᠠᠶᠢᠭᠤᠯᠵᠤ ᠂ ᠮᠠᠨ ᠤ ᠤᠯᠤᠰ ᠤᠨ ᠬᠠᠤᠯᠢᠵᠢᠯ ᠤᠨ ᠲᠣᠮᠣ ᠤᠯᠤᠰ ᠂ | ᠪᠣᠯᠪᠠᠰᠤᠨ ᠤ ᠲᠣᠮᠣ ᠤᠯᠤᠰ ᠤᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠃ ᠳᠤᠮᠳᠠᠳᠤ ᠶᠢᠨ ᠬᠠᠤᠯᠢ ᠶᠢᠨ ᠰᠢᠰᠲ᠋ᠧᠮ ᠪᠣᠯ ᠥᠨᠢ ᠤᠳᠠᠭᠠᠨ ᠤᠯᠠᠮᠵᠢᠯᠠᠯ ᠲᠠᠢ | ᠶᠤᠮ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠳᠤ ᠡᠯᠪᠡᠭ ᠪᠠᠶᠠᠯᠢᠭ ᠬᠠᠤᠯᠢᠵᠢᠯ ᠤᠨ ᠦᠵᠡᠯ ᠰᠠᠨᠠᠭ᠎ᠠ ᠪᠠ ᠭᠦᠨ ᠭᠦᠨᠵᠡᠭᠡᠢ | ᠤᠯᠤᠰ ᠲᠦᠷᠦ ᠶᠢᠨ ᠤᠶᠤᠨ ᠤᠬᠠᠭᠠᠨ ᠠᠭᠤᠯᠤᠭᠳᠠᠵᠤ ᠪᠠᠶᠢᠳᠠᠭ ᠂ ᠲᠡᠷᠡ ᠪᠣᠯ ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠮᠥᠨ ᠃ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠢ ᠪᠦᠲᠦᠭᠡᠯᠴᠢ ᠪᠠᠷ ᠣᠨᠳᠣᠣᠰᠢᠭᠤᠯᠵᠤ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠢᠳᠡᠪᠬᠢᠲᠡᠢ | ᠠᠬᠢᠭᠤᠯᠵᠤ ᠂ ᠳᠤᠮᠳᠠᠳᠤ ᠶᠢᠨ ᠬᠠᠤᠯᠢᠵᠢᠯ ᠤᠨ ᠪᠣᠯᠪᠠᠰᠤᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠣᠯᠭᠤᠵᠤ ᠂ ᠥᠷᠨᠢᠭᠦᠨ ᠪᠠᠳᠠᠷᠠᠩᠭᠤᠢ ᠠᠮᠢᠵᠢᠷᠠᠯ ᠤᠨ | ᠬᠦᠴᠦᠨ ᠢ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | | | |