| ᠣᠶᠢᠷ᠎ᠠ ᠶᠢᠨ ᠡᠳᠦᠷ ᠤᠳ ᠲᠤ ᠂ ᠵᠡᠭᠦᠨᠭᠠᠷ ᠬᠤᠰᠢᠭᠤᠨ ᠤ ᠡᠯ᠎ᠡ ᠠᠵᠤ ᠠᠬᠤᠶᠢᠯᠠᠯ ᠤᠨ ᠬᠢᠨ ᠦᠢᠯᠡᠳᠪᠦᠷᠢᠯᠡᠯ ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠬᠦ ᠂ | ᠵᠠᠬᠢᠶᠠᠯᠠᠭ᠎ᠠ ᠶᠢᠨ ᠬᠠᠭᠤᠳᠠᠰᠤ ᠶᠢ ᠠᠳᠬᠤᠬᠤ ᠂ ᠪᠣᠷᠤᠯᠠᠭᠤᠯᠭ᠎ᠠ ᠶᠢᠨ ᠵᠠᠮ ᠮᠦᠷ ᠢ ᠥᠷᠭᠡᠳᠬᠡᠬᠦ ᠶᠢ ᠴᠢᠩᠭᠠᠳᠬᠠᠨ ᠂ ᠠᠵᠤ ᠠᠬᠤᠶᠢᠯᠠᠯ ᠤᠨ ᠴᠢᠳᠠᠪᠤᠷᠢ ᠪᠠᠨ | ᠳᠡᠭᠡᠭᠰᠢᠯᠡᠭᠦᠯᠵᠦ ᠭᠠᠷᠤᠯᠲᠠ ᠪᠠᠨ ᠨᠡᠮᠡᠭᠳᠡᠭᠦᠯᠬᠦ ᠶᠢ ᠠᠬᠢᠭᠤᠯᠵᠤ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠤ ᠪᠠᠶᠢᠨ᠎ᠠ᠃ | ᠲᠢᠶᠠᠨ ᠾᠧ ᠭᠤᠸᠠᠩᠨᠧᠩ ᠥᠪᠥᠷ ᠮᠣᠩᠭᠤᠯ ᠤᠨ ᠲᠢᠶᠠᠨ ᠱᠧᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ | ᠲᠠᠰᠤᠭ ᠲᠤ ᠬᠦᠷᠬᠦ ᠳᠤ ᠮᠠᠰᠢᠨ ᠲᠥᠬᠦᠭᠡᠷᠦᠮᠵᠢ ᠲᠠᠰᠤᠷᠠᠯᠲᠠ ᠦᠭᠡᠢ ᠠᠵᠢᠯᠯᠠᠵᠤ ᠂ ᠠᠵᠢᠯᠴᠢᠳ ᠦᠢᠯᠡᠳᠪᠦᠷᠢᠯᠡᠯ ᠤᠨ ᠱᠤᠭᠤᠮ ᠳᠡᠭᠡᠷ᠎ᠡ ᠡᠮᠬᠢ ᠳᠢᠭᠯᠢᠮ ᠲᠠᠢ ᠪᠠᠷ | ᠶᠠᠭᠠᠷᠠᠯᠳᠤᠨ ᠂ ᠦᠢᠯᠡᠳᠪᠦᠷᠢᠯᠡᠯ ᠬᠦᠷ ᠬᠥᠭᠵᠢᠶᠡᠨ ᠲᠠᠢ ᠶᠠᠪᠤᠭᠳᠠᠵᠤ ᠪᠠᠶᠢᠬᠤ ᠶᠢ ᠣᠯᠵᠤ ᠬᠠᠷᠠᠯ᠎ᠠ᠃ | ᠥᠪᠥᠷ ᠮᠣᠩᠭᠤᠯ ᠤᠨ ᠲᠢᠶᠠᠨ ᠱᠧᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠵᠢᠯᠲᠠᠨ ᠤ ᠶᠠᠪᠤᠳᠠᠯ ᠤᠨ ᠵᠠᠰᠠᠭ ᠵᠠᠬᠢᠷᠭᠠᠨ ᠤ | ᠬᠡᠯᠲᠡᠰ ᠤᠨ ᠬᠠᠷᠢᠭᠤᠴᠠᠯᠭᠠᠲᠠᠨ ᠸᠠᠩ ᠰᠢᠶᠣᠣ ᠮᠢᠩ ᠲᠠᠨᠢᠯᠴᠠᠭᠤᠯᠬᠤ ᠳᠠᠭᠠᠨ ᠄ ︽ ᠤᠳᠤᠬᠠᠨ ᠳᠤ ᠡᠳᠦᠷ ᠪᠦᠷᠢ 8600 ᠭᠠᠷᠤᠢ ᠬᠡᠰᠡᠭ ᠲᠣᠨᠣᠭᠯᠠᠯ ᠢ | ᠦᠢᠯᠡᠳᠪᠦᠷᠢᠯᠡᠵᠦ ᠪᠣᠶ ᠂ ᠡᠨᠡ ᠬᠤᠶᠠᠷ ᠱᠤᠭᠤᠮ ᠨᠢ ᠶᠠᠭᠠᠷᠠᠯᠳᠠᠢ ᠠᠵᠢᠯᠯᠠᠵᠤ ᠂ ᠬᠠᠩᠭᠠᠯᠭ᠎ᠠ ᠶᠢᠨ ᠬᠡᠷᠡᠭᠴᠡᠭᠡ ᠶᠢ ᠴᠢᠨᠠᠷ ᠰᠠᠶᠢᠲᠠᠢ ᠪᠡᠶᠡᠯᠡᠭᠦᠯᠵᠦ ᠪᠠᠶᠢᠨ᠎ᠠ ︾ ᠭᠡᠨ᠎ᠠ ᠃ | ᠥᠪᠥᠷ ᠮᠣᠩᠭᠤᠯ ᠤᠨ ᠶᠢᠩ ᠰᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠴᠢᠨᠠᠷ ᠰᠠᠶᠢᠲᠠᠢ ᠣᠨᠴᠠ ᠲᠦᠷᠦᠯ ᠤᠨ | ᠰᠢᠯ ᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ ᠤᠨ ᠦᠢᠯᠡᠳᠪᠦᠷᠢᠯᠡᠯ ᠤᠨ ᠲᠠᠰᠤᠭ ᠲᠤ ᠂ ᠮᠠᠰᠢᠨ ᠲᠥᠬᠦᠭᠡᠷᠦᠮᠵᠢ ᠪᠦᠬᠦ ᠬᠤᠷᠳᠤᠴᠠ ᠪᠠᠷ ᠠᠵᠢᠯᠯᠠᠵᠤ ᠂ | ᠦᠢᠯᠡᠳᠪᠦᠷᠢᠯᠡᠯ ᠪᠠᠴᠢᠮ ᠪᠥᠭᠡᠳ ᠡᠮᠬᠢ ᠳᠢᠭᠯᠢᠮ ᠲᠠᠢ ᠶᠠᠪᠤᠭᠳᠠᠨ᠎ᠠ᠃ ᠳᠡᠭᠡᠳᠦ ᠭᠡᠯᠬᠢᠶᠠᠨ ᠳᠤ ᠦᠢᠯᠡᠳᠪᠦᠷᠢᠯᠡᠭᠰᠡᠨ ᠬᠥᠪᠥᠮᠡᠯ ᠰᠢᠯ ᠤᠨ ᠤᠭ ᠢᠯᠲᠠᠰᠤ ᠶᠢ ᠳᠠᠪᠬᠤᠷ | ᠳᠠᠪᠬᠤᠷ ᠥᠩᠭᠡᠯᠡᠬᠦ ᠪᠠᠷ ᠳᠠᠮᠵᠢᠨ ᠥᠨᠳᠥᠷ ᠨᠡᠮᠡᠯᠲᠡ ᠦᠷᠲᠡᠭ ᠲᠠᠢ LOW-E ᠡᠨᠧᠷᠭᠢ ᠠᠷᠪᠢᠯᠠᠬᠤ ᠰᠢᠯ ᠪᠣᠯᠭᠠᠨ ᠬᠤᠪᠢᠷᠠᠭᠠᠳᠠᠭ ᠶᠤᠮ ᠃ | | ︽ ᠤᠳᠤᠬᠠᠨ ᠳᠤ ᠶᠠᠭᠠᠷᠠᠯᠳᠠᠢ ᠤᠶᠢᠯᠡᠳᠪᠤᠷᠢᠯᠡᠵᠤ ᠪᠠᠶᠢᠭ᠎ᠠ ᠪᠣᠯᠬᠤᠷ ᠦᠢᠯᠡᠳᠪᠦᠷᠢᠯᠡᠯ ᠤᠨ ᠴᠢᠳᠠᠪᠤᠷᠢ ᠨᠢ ᠡᠳᠦᠷ ᠪᠦᠷᠢ 6 ᠲᠦᠮᠡᠨ ᠲᠡᠭᠰᠢ ᠳᠥᠷᠪᠡᠯᠵᠢᠨ | ᠮᠧᠲᠷ ᠲᠤ ᠬᠦᠷᠴᠦ ᠂ ᠦᠢᠯᠡᠳᠬᠦᠨ ᠨᠢ ᠭᠤᠣᠯᠳᠠᠭᠤ ᠥᠪᠥᠷ ᠮᠣᠩᠭᠤᠯ ᠂ ᠭᠠᠨᠰᠤ ᠂ ᠱᠠᠨᠰᠢ ᠶᠢᠨ ᠪᠠᠷᠠᠭᠤᠨ ᠬᠤᠶᠢᠲᠤ ᠬᠡᠰᠡᠭ ᠤᠨ ᠵᠠᠬ᠎ᠠ ᠳᠡᠯᠭᠡᠭᠦᠷ ᠲᠤ | ᠪᠣᠷᠣᠯᠠᠭᠤᠯᠤᠭᠳᠠᠵᠤ ᠪᠠᠶᠢᠨ᠎ᠠ ᠂ ᠮᠠᠨ ᠤ ᠣᠳᠣ ᠶᠢᠨ ᠦᠢᠯᠡᠳᠬᠦᠨ ᠤ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠠᠶᠢᠨ᠎ᠠ ︾ ᠭᠡᠵᠦ ᠥᠪᠥᠷ ᠮᠣᠩᠭᠤᠯ ᠤᠨ | ᠶᠢᠩ ᠰᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠽᠦ ᠵᠠᠩ ᠰᠢᠦᠢ ᠶᠠᠷᠢᠨ᠎ᠠ᠃ | ᠲᠤᠰ ᠲᠦᠷᠦᠯ ᠵᠦᠢᠯ ᠪᠣᠯ ᠢᠦᠢ ᠵᠢᠩ ᠤᠨ ᠴᠢᠨᠠᠷ ᠰᠠᠶᠢᠲᠠᠢ ᠣᠨᠴᠠ ᠲᠦᠷᠦᠯ ᠤᠨ ᠰᠢᠯ ᠵᠢᠴᠢ ᠨᠠᠷᠢᠯᠢᠭ ᠡᠳ᠋ᠰᠢᠭᠦᠯᠬᠦ ᠵᠢᠨᠢᠭᠡ ᠴᠣᠭᠴᠠᠵᠢᠭᠤᠯᠤᠭᠰᠠᠨ ᠲᠦᠷᠦᠯ | ᠵᠦᠢᠯ ᠤᠨ ᠳᠣᠣᠷᠠᠳᠤ ᠭᠡᠯᠬᠢᠶᠠᠨ ᠤ ᠢᠵᠢ ᠪᠦᠷᠢᠳᠦᠬᠦᠯᠦᠭᠰᠡᠨ ᠲᠦᠷᠦᠯ ᠵᠦᠢᠯ ᠪᠣᠯᠣᠨ᠎ᠠ᠂ ᠭᠤᠣᠯᠳᠠᠭᠤ ᠳᠡᠭᠡᠳᠦ ᠭᠡᠯᠬᠢᠶᠠᠨ ᠤ ᠬᠥᠪᠥᠮᠡᠯ ᠰᠢᠯ ᠤᠨ | ᠦᠢᠯᠡᠳᠪᠦᠷᠢᠯᠡᠯ ᠤᠨ ᠱᠤᠭᠤᠮ ᠠᠴᠠ ᠭᠠᠷᠤᠭᠰᠠᠨ ᠰᠢᠯ ᠤᠨ ᠤᠭ ᠢᠯᠲᠠᠰᠤ ᠶᠢ ᠤᠯᠠᠮ ᠴᠢᠨᠠᠭᠰᠢᠳᠠ ᠨᠠᠷᠢᠯᠢᠭ ᠡᠳ᠋ᠰᠢᠭᠦᠯᠦᠨ᠎ᠡ᠃ ᠣᠳᠣᠬᠠᠨ ᠳᠤ ᠦᠢᠯᠡᠳᠬᠦᠨ ᠨᠢ | ᠭᠤᠣᠯᠳᠠᠭᠤ LOW-E ᠡᠨᠧᠷᠭᠢ ᠠᠷᠪᠢᠯᠠᠬᠤ ᠰᠢᠯ ᠢᠶᠠᠷ ᠭᠤᠣᠯᠯᠠᠵᠤ ᠪᠠᠶᠢᠨ᠎ᠠ᠃ | | | | | ᠽᠦ ᠵᠠᠩ ᠰᠢᠦᠢ ᠲᠠᠨᠢᠯᠴᠠᠭᠤᠯᠬᠤ ᠳᠠᠭᠠᠨ᠄ ︽ᠡᠨᠡᠬᠦ ᠦᠢᠯᠡᠳᠬᠦᠨ ᠪᠣᠯ ᠬᠥᠪᠥᠭᠦᠯᠬᠦ ᠠᠷᠭ᠎ᠠ ᠪᠠᠷ ᠦᠢᠯᠡᠳᠪᠦᠷᠢᠯᠡᠭᠰᠡᠨ ᠰᠢᠯᠢᠳᠡᠭ ᠰᠠᠶᠢᠨ ᠤᠭ ᠢᠯᠲᠠᠰᠤ ᠶᠢᠨ | ᠰᠢᠯ ᠪᠣᠯᠣᠨ᠎ᠠ᠂ ᠮᠥᠨᠴᠦ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠭᠡᠯᠬᠢᠶᠠᠨ ᠤ ᠳᠣᠣᠷᠠᠳᠤ ᠭᠡᠯᠬᠢᠶᠠᠨ ᠤ ᠠᠵᠤ ᠦᠢᠯᠡᠰ ᠤᠨ ᠬᠡᠯᠬᠢᠶ᠎ᠡ ᠶᠢᠨ ᠦᠷᠭᠦᠯᠵᠢᠯᠡᠯ | ᠪᠣᠯᠣᠨ᠎ᠠ᠂ ᠲᠡᠭᠦᠨ ᠤ ᠡᠨᠡᠬᠦ ᠦᠢᠯᠡᠳᠬᠦᠨ ᠢ ᠰᠢᠭᠤᠳ ᠥᠩᠭᠡᠯᠡᠵᠦ ᠂ ᠳᠣᠣᠷᠠᠳᠤ ᠭᠡᠯᠬᠢᠶᠠᠨ ᠤ ᠤᠶᠢᠯᠡᠳᠬᠦᠨ ᠢ ᠲᠦᠭ ᠲᠦᠮᠡᠨ ᠠᠶᠢᠯ ᠡᠷᠦᠬᠡ ᠶᠢᠨ ᠡᠭᠦᠳᠡ | ᠴᠣᠩᠬᠤᠨ ᠳᠤ ᠬᠡᠷᠡᠭᠯᠡᠵᠦ ᠪᠤᠢ ᠃ ᠡᠨᠡ ᠬᠦ ᠤᠶᠢᠯᠡᠳᠬᠦᠨ ᠤ ᠭᠤᠣᠯ ᠴᠢᠳᠠᠮᠵᠢ ᠨᠢ ᠨᠡᠷᠡᠨ ᠤ ᠭᠡᠷᠡᠯ ᠤᠨ ᠠᠯᠤᠰ ᠤᠯᠠᠭᠠᠨ ᠤ ᠭᠠᠳᠠᠨᠠᠬᠢ ᠲᠤᠶᠠᠭ᠎ᠠ ᠶᠢ ᠤᠶᠢᠯᠠᠭᠠᠵᠤ ᠂ | ᠡᠪᠦᠯ ᠳᠤᠯᠠᠭᠠᠨ ᠵᠤᠨ ᠰᠡᠷᠢᠭᠦᠨ ᠪᠠᠶᠢᠯᠭᠠᠬᠤ ᠳᠤ ᠢᠯᠴᠢ ᠶᠢᠨ ᠬᠡᠮᠵᠢᠶ᠎ᠡ ᠶᠢ ᠬᠤᠷᠢᠭᠯᠠᠬᠤ ᠦᠢᠯᠡᠳᠦᠯ ᠦᠵᠡᠭᠦᠯᠳᠡᠭ︾ ᠭᠡᠬᠦ ᠶᠤᠮ ᠃ | ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ | ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ︽ ᠨᠢᠭᠡ ᠲᠥᠷᠥᠯ ᠵᠦᠢᠯ ᠂ ᠨᠢᠭᠡ ᠰᠡᠳᠬᠢᠴᠡ ᠂ ᠨᠢᠭᠡ ᠪᠦᠯᠬᠦᠮ ᠨᠡᠶᠢᠲᠡ ᠂ ᠡᠴᠦᠰ ᠲᠤᠨᠢ | ᠲᠤᠯᠲᠠᠯ᠎ᠠ ᠠᠳᠬᠤᠬᠤ ︾ ᠦᠢᠯᠡᠴᠢᠯᠡᠭᠡᠨ ᠤ ᠬᠡᠪ ᠵᠠᠭᠪᠤᠷ ᠢ ᠰᠦᠪᠡᠭᠴᠢᠯᠡᠨ ᠪᠠᠶᠢᠭᠤᠯᠵᠤ ᠂ ︽ ᠰᠢᠶᠠᠨ ᠤ ᠱᠠᠲᠤᠨ ᠤ ᠤᠳᠤᠷᠢᠳᠤᠯᠭ᠎ᠠ + ᠲᠥᠷᠥᠯ ᠵᠦᠢᠯ ︵ ᠠᠵᠤ | ᠠᠬᠤᠶᠢᠯᠠᠯ ︶ ᠤᠨ ᠦᠢᠯᠡᠴᠢᠯᠡᠭᠡᠨ ᠤ ᠰᠠᠯᠠᠭ᠎ᠠ ᠮᠥᠴᠢᠷ + ︿ ᠤᠶᠢᠯᠡᠴᠢᠯᠡᠭᠴᠢ ﹀ ᠶᠢᠨ ᠦᠢᠯᠡᠴᠢᠯᠡᠭᠡᠨ ᠤ ᠪᠦᠷᠢᠯᠳᠦᠭᠦᠨ + ᠠᠵᠤ ᠠᠬᠤᠶᠢᠯᠠᠯ ᠤᠨ ᠬᠠᠷᠢᠯᠴᠠᠭᠴᠢ︾ | ᠶᠢᠨ ︽ 1+1+1+N ︾ ᠲᠥᠷᠥᠯ ᠵᠦᠢᠯ ᠤᠨ ᠦᠢᠯᠡᠴᠢᠯᠡᠭᠡᠨ ᠤ ᠪᠦᠯᠬᠦᠮ ᠤᠨ ᠲᠣᠭᠲᠠᠴᠠ ᠶᠢ ᠪᠠᠶᠢᠭᠤᠯᠵᠤ ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ | ᠳᠠᠬᠢᠨ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠠᠵᠤ ᠠᠬᠤᠶᠢᠯᠠᠯ ᠢ ᠲᠠᠰᠤᠷᠠᠯᠲᠠ ᠦᠭᠡᠢ ᠵᠡᠭᠦᠨᠭᠠᠷ ᠲᠤ ᠨᠤᠳᠤᠬᠰᠢᠭᠤᠯᠤᠨ ᠂ ᠵᠡᠭᠦᠨᠭᠠᠷ ᠲᠤ | ᠦᠨᠳᠦᠰᠦᠯᠡᠭᠦᠯᠵᠦ ᠂ ᠵᠡᠭᠦᠨᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ ᠃ | |