| ︽ ᠥᠪᠥᠷ ᠮᠣᠩᠭᠤᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ 11 ᠰᠠᠷ᠎ᠠ ᠶᠢᠨ | 27 ᠤ ᠡᠳᠦᠷ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ︽ ᠥᠪᠥᠷ ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ | ᠬᠥᠭᠵᠢᠯᠲᠡ ᠶᠢᠨ ᠪᠠᠶᠢᠯᠳᠤᠬᠤ ᠪᠤᠳᠣᠯᠭ᠎ᠠ ᠶᠢᠨ ᠬᠠᠮᠲᠤᠷᠠᠯᠴᠠᠭᠠᠨ ᠤ ᠪᠦᠳᠦᠪᠴᠢ ᠵᠥᠪᠳᠡᠯᠴᠡᠭᠡᠷ ︾ ᠢ ᠪᠠᠲᠤᠯᠠᠬᠤ ᠪᠠᠷ ᠲᠣᠭᠲᠠᠵᠤ ᠂ ᠲᠥᠷᠥ ᠶᠢᠨ ᠪᠤᠳᠣᠯᠭ᠎ᠠ ᠂ ᠪᠡᠯᠡ | ᠮᠥᠩᠭᠦ ᠂ ᠮᠡᠷᠭᠡᠵᠢᠯ ᠵᠡᠷᠭᠡ ᠣᠯᠠᠨ ᠲᠠᠯ᠎ᠠ ᠠᠴᠠ ᠥᠪᠥᠷ ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠪᠠᠷ | ᠪᠠᠶᠢᠨ᠎ᠠ ᠃ | ᠣᠶᠢᠯᠠᠭᠠᠭᠰᠠᠨ ᠢᠶᠠᠷ ︽ ᠥᠪᠥᠷ ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠲᠡ ᠶᠢᠨ ᠪᠠᠶᠢᠯᠳᠤᠬᠤ ᠪᠤᠳᠣᠯᠭ᠎ᠠ ᠶᠢᠨ | ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ ︾ ᠲᠤ ᠨᠡᠶᠢᠲᠡ 25 ᠵᠤᠷᠪᠤᠰ ᠬᠠᠮᠲᠤᠷᠠᠯᠴᠠᠭᠠᠨ ᠤ ᠵᠦᠢᠯᠡᠰ ᠢ ᠳᠤᠷᠠᠳᠤᠨ ᠭᠠᠷᠭᠠᠵᠤ ᠂ ᠦᠢᠯᠡᠳᠪᠦᠷᠢᠯᠡᠯ ᠂ | ᠨᠠᠷᠢᠯᠢᠭ ᠪᠣᠯᠪᠠᠰᠤᠷᠠᠭᠤᠯᠤᠯᠲᠠ ᠂ ᠲᠡᠵᠢᠭᠡᠯ ᠡᠪᠡᠰᠦ ᠪᠣᠷᠳᠣᠭᠠᠨ ᠤ ᠦᠢᠯᠡᠰ ᠂ ᠦᠷ᠎ᠡ ᠶᠢᠨ ᠦᠢᠯᠡᠰ ᠂ ᠰᠦ ᠶᠢᠨ ᠦᠢᠯᠡᠰ ᠵᠡᠷᠭᠡ ᠠᠵᠤ ᠦᠢᠯᠡᠰ ᠤᠨ | ᠬᠥᠭᠵᠢᠯᠲᠡ ᠶᠢᠨ ᠣᠯᠠᠨ ᠭᠤᠣᠯᠳᠠᠯᠭ᠎ᠠ ᠲᠠᠢ ᠭᠤᠬᠴᠤᠭ᠎ᠠ ᠳᠤ ᠬᠤᠯᠪᠣᠭᠳᠠᠨ ᠂ ᠠᠵᠤ ᠦᠢᠯᠡᠰ ᠤᠨ ᠬᠡᠯᠬᠢᠶ᠎ᠡ ᠶᠢᠨ ᠪᠦᠭᠦ ᠶᠠᠪᠤᠴᠠ ᠳᠤ ᠬᠤᠯᠪᠤᠭᠳᠠᠨ᠎ᠠ ᠃ | ︽ ᠥᠪᠥᠷ ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠪᠠᠶᠢᠯᠳᠤᠬᠤ ᠪᠤᠳᠣᠯᠭ᠎ᠠ ᠶᠢᠨ ᠬᠠᠮᠲᠤᠷᠠᠯᠴᠠᠭᠠᠨ ᠤ | ᠪᠦᠳᠦᠭᠦᠪᠴᠢ ᠵᠥᠪᠳᠡᠯᠴᠡᠭᠡᠷ ︾ ᠤᠨ ᠠᠭᠤᠯᠭ᠎ᠠ ᠳᠤ ᠲᠥᠷᠥᠯ ᠵᠦᠢᠯ ᠪᠤᠢ ᠂ ᠲᠥᠷᠥ ᠶᠢᠨ ᠪᠤᠳᠣᠯᠭ᠎ᠠ ᠪᠤᠢ ᠂ ᠪᠠᠰᠠ ᠪᠡᠯᠡ ᠮᠥᠩᠭᠦ ᠲᠠᠢ ᠪᠣᠯᠬᠤᠷ ᠥᠪᠥᠷ | ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠳᠤ ᠬᠦᠴᠦᠲᠡᠢ ᠳᠡᠮᠵᠢᠯᠭᠡ ᠬᠠᠩᠭᠠᠬᠤ ᠪᠣᠯᠣᠨ᠎ᠠ ︾ ᠭᠡᠵᠦ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠲᠥᠯᠦᠪᠵᠢᠭᠦᠯᠭᠡ ᠶᠢᠨ ᠭᠠᠵᠠᠷ ᠤᠨ ᠳᠠᠷᠤᠭ᠎ᠠ ᠬᠤᠸᠠᠩ | ᠸᠧᠢ ᠬᠡᠯᠡᠪᠡ ᠃ | ︽ ᠥᠪᠥᠷ ᠮᠣᠩᠭᠤᠯ ᠤᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠪᠠᠶᠢᠯᠳᠤᠬᠤ ᠪᠤᠳᠣᠯᠭ᠎ᠠ ᠶᠢᠨ ᠬᠠᠮᠲᠤᠷᠠᠯᠴᠠᠭᠠᠨ ᠤ | ᠪᠦᠳᠦᠭᠦᠪᠴᠢ ᠵᠥᠪᠳᠡᠯᠴᠡᠭᠡᠷ ︾ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠠᠴᠠ | ᠲᠤᠭᠤᠷᠪᠢᠨ ᠨᠣᠣᠷᠠᠭᠯᠠᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠯᠤᠭ᠎ᠠ ᠣᠯᠠᠨᠲᠠ ᠵᠣᠯᠭᠠᠭᠤᠯᠬᠤ ᠪᠠᠷ ᠳᠠᠮᠵᠢᠨ ᠂ ᠣᠶᠢᠷ᠎ᠠ ᠶᠢᠨ | ᠬᠤᠭᠤᠴᠠᠭᠠᠨ ᠳᠤ ᠵᠥᠪᠳᠡᠯᠴᠡᠭᠡᠷ ᠲᠤ ᠭᠠᠷ ᠤᠨ ᠦᠰᠦᠭ ᠵᠢᠷᠤᠬᠤ ᠪᠣᠯᠣᠨ᠎ᠠ ᠃ ᠵᠥᠪᠳᠡᠯᠴᠡᠭᠡᠷ ᠤᠨ ᠠᠭᠤᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠮᠠᠯ ᠠᠵᠤ ᠠᠬᠤᠢ ᠲᠠᠷᠢᠶᠠᠯᠠᠩ ᠤᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠂ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠂ | ᠮᠠᠯ ᠠᠵᠤ ᠠᠬᠤᠢ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠥᠷᠨᠢᠭᠦᠯᠬᠦ ᠵᠡᠷᠭᠡ 8 ᠲᠠᠯ᠎ᠠ ᠶᠢ ᠪᠠᠭᠲᠠᠭᠠᠭᠰᠠᠨ ᠨᠡᠶᠢᠲᠡ 37 | ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠢᠭᠡᠨᠲᠡ ᠪᠤᠢ ᠪᠤᠯᠭᠠᠬᠰᠠᠨ ᠪᠥᠭᠡᠳ ᠣᠨ ᠤ ᠬᠠᠷᠠᠯᠲᠠᠲᠤ ᠡᠭᠦᠷᠭᠡ ᠪᠠ ᠬᠠᠷᠢᠭᠤᠴᠠᠯᠭᠠᠲᠤ ᠰᠠᠯᠠᠭ᠎ᠠ ᠮᠥᠴᠢᠷ ᠢ ᠵᠦᠢᠯ | ᠳᠠᠷᠠᠭᠠᠯᠠᠨ ᠲᠣᠳᠣᠷᠬᠠᠶᠢᠯᠠᠵᠤ ᠂ ᠡᠭᠦᠷᠭᠡ ᠨᠢᠭᠡᠪᠦᠷᠢ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠣᠯᠠᠬᠤ ᠪᠠᠷ ᠪᠤᠢ ᠃ | | | |