ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠮᠠᠨ ᠤ ᠣᠷᠣᠨ ᠤ ᠬᠥᠭᠵᠢᠯᠲᠡ ᠶᠢ ᠳᠡᠮᠵᠢᠬᠦ 33 ᠵᠤᠷᠪᠤᠰ ᠪᠣᠳᠠᠲᠠᠢ ᠠᠷᠭ᠎ᠠ ᠬᠡᠮᠵᠢᠶ᠎ᠡ ᠭᠠᠷᠭᠠᠪᠠ
ᠨᠡᠶᠢᠲᠡᠯᠡᠭᠰᠡᠨ ᠴᠠᠭ᠄
2023/11/29
    ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠣᠶᠢᠷ᠎ᠠ ᠳᠤ ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠳᠠᠷᠤᠮᠠᠯᠯᠠᠨ ᠲᠠᠷᠬᠠᠭᠠᠵᠤ ᠂ ᠮᠠᠨ ᠤ ᠣᠷᠣᠨ ᠤ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠬᠦ ᠳᠤ ᠪᠠᠲᠤ ᠲᠤᠯᠭᠠᠭᠤᠷᠢᠯᠠᠯ ᠬᠠᠩᠭᠠᠨ ᠂ ᠯᠤᠲᠤ ᠶᠡᠭᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ ᠃    ᠣᠶᠢᠯᠠᠭᠠᠭᠰᠠᠨ ᠢᠶᠠᠷ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠡᠨᠡ ᠬᠦ ᠠᠵᠢᠯ ᠤᠨ ᠬᠤᠪᠢᠶᠠᠷᠢᠯᠠᠯ ᠨᠢ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠬᠡᠬᠦ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠂ ᠰᠢᠨ᠎ᠡ ᠶᠢ ᠡᠭᠦᠳᠬᠦ ᠬᠥᠭᠵᠢᠯᠲᠡ ᠶᠢ ᠴᠢᠩᠭᠠᠳᠬᠠᠬᠤ ᠵᠡᠷᠭᠡ 10 ᠲᠠᠯ᠎ᠠ ᠶᠢᠨ 33 ᠵᠤᠷᠪᠤᠰ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠠᠭᠲᠠᠭᠠᠵᠤ ᠂ ᠴᠢᠭᠯᠡᠭᠦᠯᠦᠯᠲᠦ ᠴᠢᠨᠠᠷ ᠢᠶᠠᠷ ᠮᠠᠰᠢ ᠴᠢᠩᠭ᠎ᠠ ᠪᠠᠶᠢᠵᠤ ᠂ ᠪᠣᠳᠠᠲᠤ ᠠᠴᠢ ᠬᠤᠯᠪᠣᠭᠳᠠᠯ ᠢᠶᠠᠷ ᠮᠠᠰᠢ ᠶᠡᠭᠡ ᠪᠠᠶᠢᠯ᠎ᠠ ᠃ ᠡᠭᠦᠨ ᠤ ᠵᠡᠷᠭᠡ ᠪᠠᠷ ᠤᠯᠠᠨ ᠤᠳᠠᠭ᠎ᠠ ᠶᠢᠨ ᠵᠤᠯᠭᠠᠯᠴᠠᠭ᠎ᠠ ᠪᠠᠷ ᠳᠠᠮᠵᠢᠨ ︽ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠥᠪᠥᠷ ᠮᠣᠩᠭᠤᠯ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠬᠠᠮᠲᠤ ᠪᠠᠷ ᠠᠬᠢᠭᠤᠯᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ︾ ᠢ ᠬᠤᠶᠠᠷ ᠲᠠᠯ᠎ᠠ ᠶᠢᠨ ᠭᠤᠣᠯ ᠤᠳᠤᠷᠢᠳᠤᠯᠭ᠎ᠠ ᠨᠢᠭᠡᠨᠲᠡ ᠬᠢᠨᠠᠨ ᠪᠠᠲᠤᠯᠠᠵᠤ ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠳᠠᠬᠢ ᠠᠵᠢᠯ ᠤᠨ ᠬᠤᠪᠢᠶᠠᠷᠢᠯᠠᠯ ᠢ ᠪᠦᠭᠦᠨ ᠢ ᠵᠥᠪᠯᠡᠯᠴᠡᠭᠡᠷ ᠲᠤ ᠣᠷᠣᠭᠤᠯᠤᠨ ᠬᠡᠷᠡᠭᠵᠢᠭᠦᠯᠵᠦ ᠠᠬᠢᠭᠤᠯᠬᠤ ᠶᠢ ᠵᠥᠪᠰᠢᠶᠡᠷᠡᠪᠡ ᠃ ᠡᠭᠦᠨ ᠳᠤ ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠬᠤ ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠬᠡᠬᠦ ᠂ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠬᠤ ᠂ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢ ᠠᠬᠢᠭᠤᠯᠬᠤ ᠂ ᠠᠵᠤ ᠠᠬᠤᠶᠢᠯᠠᠯ ᠤᠨ ᠪᠤᠵᠠᠭᠠᠶᠢᠷᠠᠨ ᠰᠢᠯᠢᠳᠡᠭᠵᠢᠵᠦ ᠬᠦᠴᠦᠷᠬᠡᠭᠵᠢᠬᠦ ᠶᠢ ᠠᠬᠢᠭᠤᠯᠬᠤ ᠂ ᠠᠵᠤ ᠦᠢᠯᠡᠰ ᠤᠨ ᠨᠡᠭᠡᠭᠡᠯᠲᠡᠲᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠂ ᠺᠠᠳ᠋ᠷ ᠴᠢᠳᠠᠪᠤᠷᠢᠲᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠵᠡᠷᠭᠡ 8 ᠲᠠᠯ᠎ᠠ ᠶᠢ ᠪᠠᠭᠲᠠᠭᠠᠵᠠᠢ ᠃    ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠮᠠᠨ ᠤ ᠣᠷᠣᠨ ᠤ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠭᠤᠷᠠᠢ ᠭᠤᠭᠴᠤᠭ᠎ᠠ ᠵᠢᠴᠢ ᠳᠠᠷᠠᠭᠠᠴᠢ ᠶᠢᠨ ᠬᠥᠭᠵᠢᠯᠲᠡ ᠶᠢᠨ ᠭᠤᠣᠯᠳᠠᠯᠭ᠎ᠠ ᠳᠤ ᠴᠢᠭᠯᠡᠭᠦᠯᠦᠨ ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠬᠦ ᠂ ᠤᠯᠤᠰ ᠤᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ︽ ᠪᠢᠴᠢᠬᠠᠨ ᠠᠪᠤᠷᠭᠤ ︾ ᠠᠵᠤ ᠠᠬᠤᠶᠢᠯᠠᠯ ᠂ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠬᠤᠳᠠ ᠂ ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ ᠂ ᠬᠤᠪᠣᠷ ᠰᠢᠷᠣᠢ ᠶᠢᠨ ᠠᠵᠤ ᠦᠢᠯᠡᠰ ᠂ ᠳᠡᠭᠡᠳᠦ ᠬᠥᠩᠭᠡᠨᠴᠠᠭᠠᠨᠲᠤ ᠨᠡᠭᠦᠷᠡᠰᠦᠨ ᠤ ᠨᠤᠨᠳᠠᠭ ᠢ ᠶᠡᠷᠦᠩᠬᠡᠶᠢᠯᠡᠨ ᠠᠰᠢᠭᠯᠠᠬᠤ ᠂ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠪᠠᠲᠤᠯᠠᠭᠠᠲᠤ ᠵᠢᠭᠡᠯᠡᠯᠭᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ ᠂ ᠮᠠᠨ ᠤ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠭᠦ ᠬᠦᠴᠦᠨ ᠢᠶᠠᠷ ᠠᠬᠢᠭᠤᠯᠵᠤ ᠂ ᠠᠵᠤ ᠠᠬᠤᠢ ᠶᠢᠨ ᠪᠦᠲᠦᠴᠡ ᠳᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠬᠢᠬᠦ ᠶᠢ ᠲᠦᠷᠭᠡᠳᠬᠡᠨ ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠵᠠᠮ ᠢ ᠬᠠᠶᠢᠵᠤ ᠂ ᠥᠪᠥᠷ ᠮᠣᠩᠭᠤᠯ ᠤᠨ ︽ ᠬᠤᠶᠠᠷ ᠬᠠᠯᠬᠠᠪᠴᠢ ︾ ᠂ ︽ ᠬᠤᠶᠠᠷ ᠰᠠᠭᠤᠷᠢᠨ ︾ ᠂ ︽ ᠨᠢᠭᠡ ᠪᠠᠬᠢᠯᠡᠯᠲᠡ ︾ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠠᠬᠢᠭᠤᠯᠬᠤ ᠪᠣᠯᠣᠨ᠎ᠠ ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ