| ︽ ᠥᠩᠭᠡᠷᠡᠭᠰᠡᠨ ᠳᠤ ᠡᠮ ᠤᠨ ᠵᠦᠢᠯ ᠡᠵᠡᠩᠨᠡᠨ ᠬᠤᠳᠠᠯᠳᠤᠭᠠᠯᠠᠬᠤ ᠵᠥᠪᠰᠢᠶᠡᠷᠡᠯ ᠂ ᠡᠮᠴᠢᠯᠡᠭᠡᠨ ᠤ ᠪᠠᠭᠠᠵᠢ ᠡᠵᠡᠩᠨᠡᠨ ᠬᠤᠳᠠᠯᠳᠤᠭᠠᠯᠠᠬᠤ ᠵᠥᠪᠰᠢᠶᠡᠷᠡᠯ ᠢ | ᠠᠪᠬᠤ ᠳᠤ ᠭᠤᠶᠤᠴᠢᠯᠠᠭᠴᠢ ᠡᠷᠬᠡᠪᠰᠢ ᠲᠤᠬᠠᠢ ᠶᠢᠨ ᠭᠠᠵᠠᠷ ᠲᠤ ᠨᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ ᠪᠠᠶᠢᠭᠰᠠᠨ ᠪᠣᠯ ᠣᠳᠣ ᠥᠪᠡᠷ ᠢᠶᠠᠨ | ᠺᠣᠮᠫᠢᠦ᠋ᠲ᠋ᠧᠷ ᠢᠶᠠᠷ ᠬᠢᠵᠦ ᠴᠢᠳᠠᠬᠤ ᠪᠣᠯᠤᠭᠰᠠᠨ ᠪᠥᠭᠡᠳ ᠬᠡᠷᠡᠭᠰᠡᠬᠦ ᠮᠠᠲ᠋ᠧᠷᠢᠶᠠᠯ ᠨᠢ ᠴᠤ ᠪᠠᠭᠠᠰᠪᠠ ᠂ ᠦᠨᠡᠬᠡᠷ ᠳᠥᠭᠦᠮ ᠪᠣᠯᠵᠠᠢ ︾ ᠭᠡᠵᠦ ᠬᠥᠬᠡᠬᠤᠲᠠ ᠶᠢᠨ ᠰᠢᠨ᠎ᠡ | ᠬᠤᠲᠠ ᠲᠣᠭᠤᠷᠢᠭ ᠲᠤ ᠰᠠᠭᠤᠭ᠎ᠠ ᠭᠦᠩ ᠰᠢᠶᠣᠣ ᠹᠧᠩ ᠰᠠᠶ᠋ᠢᠬᠠᠨ ᠣᠯᠣᠭᠰᠠᠨ ᠡᠮ ᠤᠨ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢᠶᠠᠨ | ᠠᠳᠬᠤᠵᠤ ᠰᠡᠳᠬᠢᠯ ᠳᠣᠭᠳᠣᠯᠤᠨ ᠶᠠᠷᠢᠪᠠ ᠃ | ᠣᠶᠢᠯᠠᠭᠠᠭᠰᠠᠨ ᠢᠶᠠᠷ ᠂ ᠡᠨᠡ ᠵᠢᠯ ᠡᠬᠢᠯᠡᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︽ ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ ︾ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ︽ ᠵᠢᠷᠤᠮᠵᠢᠭᠤᠯᠬᠤ ᠂ ᠴᠣᠮᠬᠠᠳᠬᠠᠬᠤ ᠂ ᠲᠦᠷᠭᠡᠳᠬᠡᠬᠦ ︾ ᠶᠢ ᠪᠥᠬᠦ ᠲᠠᠯ᠎ᠠ ᠪᠠᠷ ᠠᠬᠢᠭᠤᠯᠪᠠ ᠃ ᠰᠦᠯᠵᠢᠶᠡᠨ ᠳᠤ ᠭᠦᠢᠴᠡᠳᠬᠡᠬᠦ ᠂ | ᠳ᠋ᠠᠶᠢᠲ᠋ᠠ ᠬᠤᠪᠢᠶᠠᠯᠴᠠᠵᠤ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ ᠂ ᠨᠠᠩ ᠣᠯᠠᠨ ᠡᠮ ᠤᠨ ᠵᠦᠢᠯ ᠤᠨ ᠬᠦᠷᠢᠶᠡᠨ ᠳᠠᠬᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ︽ ᠨᠢᠭᠡ ᠯᠡ ᠤᠳᠠᠭ᠎ᠠ ᠣᠴᠢᠬᠤ ︾ ᠪᠤᠶᠤ ︽ ᠨᠢᠭᠡ ᠤᠳᠠᠭ᠎ᠠ ᠴᠤ ᠣᠴᠢᠬᠤ ᠦᠭᠡᠢ ᠪᠠᠷ ᠭᠦᠢᠴᠡᠳᠬᠡᠬᠦ ︾ ᠶᠢ ᠠᠬᠢᠭᠤᠯᠪᠠ ᠃ | ᠣᠳᠣᠬᠠᠨ ᠳᠤ ᠂ ᠪᠥᠬᠦ ᠣᠷᠣᠨ ᠤ ᠡᠮ ᠤᠨ ᠵᠦᠢᠯ ᠤᠨ ᠬᠦᠷᠢᠶᠡᠨ ᠳᠠᠬᠢ 98 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠥᠮ ︽ ᠦᠨᠡᠮᠯᠡᠯ | ᠦᠭᠡᠢ ᠪᠠᠷ ᠭᠦᠢᠴᠡᠳᠬᠡᠬᠦ ︾ ᠶᠢ ᠪᠡᠶᠡᠯᠡᠭᠦᠯᠪᠡ ᠃ | 4 ᠳ᠋ᠦ᠋ᠭᠡᠷ ᠰᠠᠷ᠎ᠠ ᠶᠢᠨ 28 ᠤ ᠡᠳᠦᠷ ᠠᠴᠠ ᠡᠬᠢᠯᠡᠨ ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ | ᠱᠠᠲᠤᠨ ᠤ ︽ ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ︾ ᠢ ᠲᠠᠰ ᠳᠡᠪᠰᠢᠭᠦᠯᠦᠨ ᠥᠭᠡᠷᠡᠴᠢᠯᠡᠵᠦ ᠂ 5 ᠳ᠋ᠤᠭᠠᠷ ᠰᠠᠷ᠎ᠠ ᠶᠢᠨ | 10 ᠤ ᠡᠳᠦᠷ ᠡᠯᠧᠺᠳ᠋ᠷᠣᠨ ᠦᠨᠡᠮᠯᠡᠯ ᠢ ᠬᠤᠪᠢᠶᠠᠯᠴᠠᠨ ᠬᠡᠷᠡᠭᠯᠡᠬᠦ ᠶᠢ ᠪᠡᠶᠡᠯᠡᠭᠦᠯᠦᠨ ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ ᠦᠨᠡᠮᠯᠡᠯ ᠦᠭᠡᠢ ᠪᠠᠷ | ᠭᠦᠢᠴᠡᠳᠬᠡᠬᠦ ︾ ᠳᠤ ᠮᠡᠷᠭᠡᠵᠢᠯ ᠤᠨ ᠲᠤᠰᠠᠯᠠᠮᠵᠢ ᠬᠠᠩᠭᠠᠵᠤ ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮ ᠤᠨ ᠵᠦᠢᠯ ᠤᠨ ᠬᠦᠷᠢᠶᠡᠨ ᠳᠠᠬᠢ 78 | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ ᠦᠨᠡᠮᠯᠡᠯ ᠦᠭᠡᠢ ᠪᠠᠷ ᠭᠦᠢᠴᠡᠳᠬᠡᠬᠦ ︾ ᠶᠢ ᠪᠡᠶᠡᠯᠡᠭᠦᠯᠪᠡ ᠃ | 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ | ᠠᠶᠢᠮᠠᠭ ᠬᠤᠲᠠ ᠶᠢᠨ ᠡᠮ ᠤᠨ ᠵᠦᠢᠯ ᠤᠨ ᠬᠦᠷᠢᠶᠡᠨ ᠳᠠᠬᠢ ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠠᠰ ᠳᠡᠪᠰᠢᠭᠦᠯᠦᠨ | ᠥᠭᠡᠷᠡᠴᠢᠯᠡᠵᠦ ᠂ ︽ ᠦᠨᠡᠮᠯᠡᠯ ᠦᠭᠡᠢ ᠪᠠᠷ ᠭᠦᠢᠴᠡᠳᠬᠡᠬᠦ ︾ ᠦᠢᠯᠡᠴᠢᠯᠡᠭᠡ ᠶᠢ ᠨᠡᠭᠡᠭᠡᠨ ᠬᠥᠭᠵᠢᠭᠦᠯᠬᠦ ᠂ ᠨᠢᠭᠡ ᠦᠨᠡᠮᠯᠡᠯ ᠨᠢᠭᠡ ᠬᠤᠯᠪᠣᠭᠠᠰᠤ ᠶᠢᠨ ᠣᠷᠣᠮ | ᠦᠯᠡᠳᠡᠭᠡᠬᠦ ᠴᠢᠳᠠᠮᠵᠢ ᠶᠢᠨ ᠦᠢᠯᠡᠴᠢᠯᠡᠭᠡ ᠂ ᠪᠠᠭᠤᠯᠭᠠᠭᠰᠠᠨ ᠬᠠᠮᠢᠶ᠎ᠠ ᠪᠦᠬᠦᠢ ᠦᠨᠡᠮᠯᠡᠯ ᠪᠠ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠬᠦ ᠶᠠᠪᠤᠴᠠ ᠳᠤ ᠰᠢᠯᠵᠢᠭᠦᠯᠦᠨ | ᠠᠪᠬᠤ ᠦᠢᠯᠡᠴᠢᠯᠡᠭᠡ ᠵᠡᠷᠭᠡ ᠶᠢ ᠨᠡᠮᠡᠵᠦ ᠂ ᠠᠶᠢᠮᠠᠭ ᠬᠤᠲᠠ ᠶᠢᠨ ᠡᠮ ᠤᠨ ᠵᠦᠢᠯ ᠤᠨ ᠬᠦᠷᠢᠶᠡᠨ ᠳᠠᠬᠢ 20 ᠵᠦᠢᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠲᠤ ︽ ᠦᠨᠡᠮᠯᠡᠯ ᠦᠭᠡᠢ ᠪᠠᠷ ᠭᠦᠢᠴᠡᠳᠬᠡᠬᠦ ︾ ᠶᠢ ᠪᠡᠶᠡᠯᠡᠭᠦᠯᠪᠡ ᠃ | ᠬᠤᠶᠢᠰᠢᠳᠠ ᠪᠦᠬᠦ ᠣᠷᠣᠨ ᠤ ᠡᠮ ᠤᠨ ᠵᠦᠢᠯ ᠤᠨ ᠬᠦᠷᠢᠶᠡᠨ ᠳᠠᠬᠢ 98 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠠᠴᠠ ᠣᠲᠣ ᠶᠢᠨ ᠪᠠᠶᠢᠭ᠎ᠠ | ᠵᠠᠰᠠᠭ ᠤᠨ ᠶᠠᠪᠤᠳᠠᠯ ᠤᠨ ᠬᠤᠪᠢᠶᠠᠯᠴᠠᠯ ᠢᠶᠠᠷ ᠮᠡᠳᠡᠭᠡ ᠶᠢ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ ᠪᠣᠯᠬᠤ ᠶᠢ ᠨᠢ ᠭᠤᠶᠤᠴᠢᠯᠠᠭᠴᠢ ᠴᠥᠮ ᠰᠦᠯᠵᠢᠶᠡᠨ | ᠳᠡᠭᠡᠷᠡᠬᠢ ︽ ᠡᠯᠧᠺᠳ᠋ᠷᠣᠨ ᠦᠨᠡᠮᠯᠡᠯ ᠤᠨ ᠵᠥᠪᠰᠢᠶᠡᠷᠡᠯ ︾ ᠢᠶᠠᠷ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠬᠤ ᠠᠴᠠ ᠬᠡᠯᠲᠦᠷᠢᠭᠦᠯᠵᠦ ᠪᠣᠯᠣᠨ᠎ᠠ ᠂ ᠠᠵᠢᠯᠲᠠᠨ | ᠭᠤᠶᠤᠴᠢᠯᠠᠭᠴᠢ ᠶᠢᠨ ᠵᠥᠪᠰᠢᠶᠡᠷᠡᠯ ᠢᠶᠠᠷ ᠬᠠᠮᠢᠶ᠎ᠠ ᠪᠦᠬᠦᠢ ᠡᠯᠧᠺᠳ᠋ᠷᠣᠨ ᠦᠨᠡᠮᠯᠡᠯ ᠤᠨ ᠮᠡᠳᠡᠭᠡ ᠶᠢ ᠣᠯᠵᠤ ᠂ ᠪᠣᠳᠠᠲᠠᠢ ᠭᠡᠷᠡᠴᠢᠯᠡᠯ ᠤᠨ ᠮᠠᠲ᠋ᠧᠷᠢᠶᠠᠯ ᠢ ᠣᠷᠣᠯᠠᠭᠤᠯᠵᠤ | ᠪᠣᠯᠣᠨ᠎ᠠ ᠃ ᠡᠨᠡ ᠨᠢ ᠣᠯᠠᠨ ᠲᠦᠮᠡᠨ ᠳᠤ ᠲᠥᠬᠦᠮ ᠦᠵᠡᠭᠦᠯᠦᠨ ᠂ ᠠᠵᠢᠯ ᠶᠠᠪᠤᠳᠠᠯ ᠭᠦᠢᠴᠡᠳᠬᠡᠬᠦ ᠪᠦᠲᠦᠮᠵᠢ ᠶᠢ ᠳᠡᠭᠡᠭᠰᠢᠯᠡᠭᠦᠯᠪᠡ ᠃ | | | |