| 11 ᠰᠠᠷ᠎ᠠ ᠶᠢᠨ 1 ᠤ ᠡᠳᠦᠷ ᠂ ︽ ᠠᠷᠠᠳ ᠤᠨ ᠡᠳᠦᠷ ᠤᠨ ᠰᠣᠨᠢᠨ ︾ ᠤ ᠬᠢᠨ ︽ ᠨᠡᠭᠦᠷᠡᠰᠦᠨ ᠤ ᠦᠢᠯᠡᠰ ᠤᠨ ᠠᠷᠢᠭᠤᠨ ᠴᠡᠪᠡᠷ ᠥᠨᠳᠥᠷ ᠪᠦᠲᠦᠮᠵᠢᠳᠢ | ᠠᠰᠢᠭᠯᠠᠯᠲᠠ ᠶᠢ ᠶᠡᠭᠡ ᠪᠠᠷ ᠠᠬᠢᠭᠤᠯᠵᠤ ᠂ ᠠᠮᠤᠷ ᠲᠦᠪᠰᠢᠨ ᠬᠠᠩᠭᠠᠯᠭ᠎ᠠ ᠶᠢᠨ ᠪᠠᠳᠤᠯᠠᠭ᠎ᠠ ᠶᠢᠨ ᠴᠢᠳᠠᠪᠤᠷᠢ ᠶᠢ ᠨᠡᠮᠡᠭᠳᠡᠬᠦᠯᠦᠨ ᠂ ᠨᠠᠩ ᠣᠯᠠᠨ ︿ ᠬᠠᠷ᠎ᠠ ᠠᠯᠲᠠ ﹀ ᠶᠢ | ︿ ᠨᠣᠭᠤᠭᠠᠨ ᠠᠯᠲᠠ ﹀ ᠪᠣᠯᠭᠠᠨ ᠪᠣᠯᠪᠠᠰᠤᠷᠠᠭᠤᠯᠪᠠ ︾ ᠬᠡᠬᠦ ᠵᠤᠬᠢᠶᠠᠯ ᠨᠡᠶᠢᠳᠡᠯᠡᠵᠦ ᠂ ᠵᠡᠭᠦᠨᠭᠠᠷ ᠬᠤᠰᠢᠭᠤᠨ ᠤ ᠤᠯᠤᠰ ᠤᠨ ᠡᠨᠧᠷᠭᠢ ᠶᠢᠨ ᠪᠦᠯᠦᠭᠯᠡᠯ ᠤᠨ ᠵᠡᠭᠦᠨᠭᠠᠷ | ᠡᠨᠧᠷᠭᠢ ᠶᠢᠨ ᠪᠦᠯᠦᠭᠯᠡᠯ ᠤᠨ ᠨᠡᠭᠦᠷᠡᠰᠦ ᠪᠠᠷ ᠰᠠᠭᠤᠷᠢ ᠪᠤᠯᠭᠠᠬᠰᠠᠨ ᠨᠠᠨᠤ᠋ ᠨᠡᠭᠦᠷᠡᠰᠦᠳᠦ᠋ᠷᠦᠭᠴᠢᠳᠤ ᠤᠰᠤᠲᠥ᠋ᠷᠥᠭᠴᠢ ᠶᠢᠨ ᠲᠦᠯᠡᠰᠢ ᠪᠠᠷ ᠤᠤᠯ ᠤᠨ ᠲᠦᠯᠡᠰᠢᠨ | ᠨᠡᠭᠦᠷᠡᠰᠦ ᠶᠢ ᠣᠷᠣᠯᠠᠭᠤᠯᠵᠤ ᠂ ︽ ᠨᠡᠭᠦᠷᠡᠰᠦ — ᠴᠠᠬᠢᠯᠭᠠᠨ — ᠨᠤᠨᠳᠠᠭ ᠨᠡᠭᠦᠷᠡᠰᠦᠨ ᠤ ᠦᠨᠡᠰᠦ — ᠪᠣᠬᠢᠷᠲᠤᠯ ᠦᠭᠡᠢ ᠴᠠᠬᠢᠯᠭᠠᠨ ᠵᠠᠳᠠᠯᠤᠯ ᠤᠨ | ᠬᠥᠩᠭᠡᠨᠴᠠᠭᠠᠨ — ᠦᠵᠦᠬᠦᠷᠵᠢᠭᠰᠡᠨ ᠬᠥᠩᠭᠡᠨᠴᠠᠭᠠᠨ ᠤ ᠦᠢᠯᠡᠳᠬᠦᠨ ᠂ ᠬᠤᠪᠣᠷ ᠲᠡᠮᠦᠷᠯᠢᠭ — ᠴᠠᠭᠠᠨ ᠰᠢᠪᠠᠷ ᠢ ᠶᠡᠷᠦᠩᠬᠡᠶᠢᠯᠡᠨ ᠠᠰᠢᠭᠯᠠᠬᠰᠠᠨ | ᠦᠢᠯᠡᠳᠬᠦᠨ ︾ ᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠬᠦᠯᠵᠦ ᠂ ᠨᠡᠭᠦᠷᠡᠰᠦ ᠶᠢ ᠪᠦᠳᠦᠮᠵᠢᠳᠡᠢ ᠪᠠᠷ ᠠᠰᠢᠬᠯᠠᠪᠠ ᠃ ᠴᠡᠪᠡᠷᠰᠢᠭᠦᠯᠦᠭᠰᠡᠨ ᠦᠢᠯᠡᠳᠪᠦᠷᠢᠯᠡᠯ ᠤᠨ | ᠮᠡᠷᠭᠡᠵᠢᠯ ᠂ ᠲᠣᠨᠤᠭ ᠲᠦᠬᠦᠬᠡᠷᠦᠮᠵᠢ ᠂ ᠤᠷ᠎ᠠ ᠮᠡᠷᠬᠡᠰᠢᠯ ᠢ ᠶᠡᠭᠡ ᠪᠠᠷ ᠳᠡᠯᠭᠡᠷᠡᠭᠦᠯᠵᠦ ᠂ ᠨᠡᠭᠦᠷᠡᠰᠦ ᠶᠢ ᠴᠡᠪᠡᠷᠰᠢᠬᠦᠯᠦᠨ ᠨᠡᠭᠡᠭᠡᠨ ᠮᠠᠯᠲᠠᠬᠤ ᠪᠠ ᠥᠨᠳᠥᠷ | ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠪᠡ ᠬᠡᠵᠦ ᠮᠡᠳᠡᠬᠡᠯᠡᠪᠡ ᠃ | | | ᠤᠯᠤᠰ ᠤᠨ ᠡᠨᠧᠷᠭᠢ ᠶᠢᠨ ᠵᠡᠬᠦᠨᠭᠠᠷ ᠡᠨᠧᠷᠭᠢ ᠶᠢᠨ ᠪᠦᠯᠦᠭᠯᠡᠯ ᠤᠨ ᠰᠤᠳᠤᠯᠤᠨ ᠨᠡᠭᠡᠭᠡᠬᠦ ᠲᠥᠪ ᠲᠤ ᠂ ᠠᠵᠢᠯᠲᠠᠨ ᠰᠤᠷᠪᠤᠯᠵᠢᠯᠠᠭᠴᠢ ᠳᠤ ᠨᠢᠭᠡ ᠵᠦᠢᠯ ᠤᠨ | ᠨᠢᠯᠴᠠᠭᠠᠶ ᠬᠠᠷ᠎ᠠ ᠥᠩᠭᠡᠲᠡᠢ ᠰᠢᠩᠭᠡᠨ ᠪᠡᠶᠡᠲᠦ ᠶᠢ ᠳᠡᠯᠭᠡᠨ ᠦᠵᠡᠭᠦᠯᠪᠡ ᠃ ᠡᠨᠡ ᠪᠣᠯ ᠠᠵᠤ ᠠᠬᠤᠶᠢᠯᠠᠯ ᠤᠨ ᠬᠠᠮᠤᠭ ᠰᠢᠨ᠎ᠡ ᠰᠤᠳᠤᠯᠭᠠᠨ ᠤ ᠦᠷ᠎ᠡ ᠪᠦᠲᠦᠭᠡᠯ | — ᠨᠡᠭᠦᠷᠡᠰᠦ ᠪᠠᠷ ᠰᠠᠭᠤᠷᠢ ᠪᠣᠯᠭᠠᠭᠰᠠᠨ ᠨᠠᠨᠤ᠋ ᠨᠡᠭᠦᠷᠡᠰᠦᠲᠥ᠋ᠷᠥᠭᠴᠢᠳᠤ ᠤᠰᠤᠲᠥ᠋ᠷᠥᠭᠴᠢ ᠶᠢᠨ ᠲᠦᠯᠡᠰᠢ ᠪᠠᠶᠢᠵᠦ ᠂ ᠨᠡᠭᠦᠷᠡᠰᠦ ᠂ ᠤᠰᠤ ᠪᠠ ᠪᠠᠭ᠎ᠠ ᠬᠡᠮᠵᠢᠶᠡᠨ ᠤ | ᠨᠡᠮᠡᠯᠲᠡ ᠡᠳ᠋ ᠤᠨ ᠨᠠᠨᠤ᠋ ᠤᠷ᠎ᠠ ᠮᠡᠷᠬᠡᠰᠢᠯ ᠢᠶᠠᠷ ᠦᠢᠯᠡᠳᠦᠭᠰᠡᠨ ᠨᠢᠭᠡ ᠵᠦᠢᠯ ᠤᠨ ᠰᠢᠨ᠎ᠡ ᠮᠠᠶ᠋ᠢᠭ ᠤᠨ ᠣᠨᠴᠠ ᠲᠦᠷᠦᠯ ᠤᠨ ᠲᠦᠯᠡᠰᠢ ᠪᠣᠯᠬᠤ ᠶᠤᠮ ᠃ | ︽ ᠡᠶᠢᠮᠦᠷᠬᠦᠦ ᠲᠦᠯᠡᠰᠢ ᠶᠢᠨ ᠨᠣᠴᠣᠬᠤ ᠳᠤᠯᠠᠭᠠᠨ ᠤ ᠬᠡᠮᠵᠢᠶ᠎ᠡ ᠨᠢ ᠳᠣᠣᠷ᠎ᠠ ᠮᠦᠷᠳᠡᠬᠡᠨ ᠪᠡᠶ᠎ᠡ ᠪᠠᠨ ᠳᠠᠭᠠᠭᠠᠵᠤ ᠲᠣᠭᠲᠠᠭᠤᠨ ᠢᠶᠠᠷ ᠰᠢᠲᠠᠬᠤ ᠶᠢ ᠪᠠᠲᠤᠯᠠᠵᠤ ᠂ | ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠴᠠᠬᠢᠯᠭᠠᠨ ᠭᠠᠷᠭᠠᠬᠤ ᠨᠡᠭᠦᠷᠡᠰᠦᠨ ᠤ ᠬᠤᠷᠣᠭᠳᠠᠯ ᠢ ᠶᠡᠭᠡ ᠪᠠᠷ ᠪᠠᠭᠠᠰᠬᠠᠵᠤ ᠴᠢᠳᠠᠨ᠎ᠠ ︾ ᠃ ᠤᠯᠤᠰ ᠤᠨ | ᠡᠨᠧᠷᠭᠢ ᠶᠢᠨ ᠵᠡᠬᠦᠨᠭᠠᠷ ᠡᠨᠧᠷᠭᠢ ᠶᠢᠨ ᠪᠦᠯᠦᠭᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠡᠯᠡᠬᠦ ᠪᠠᠷ ᠂ ᠡᠨᠡ ᠨᠢ ᠵᠦᠪᠬᠡᠨ ᠢᠯᠴᠢ ᠶᠢᠨ ᠬᠦᠴᠦᠨ ᠢᠶᠠᠷ | ᠴᠠᠬᠢᠯᠭᠠᠨ ᠭᠠᠷᠭᠠᠬᠤ ᠬᠦᠷᠢᠶ᠎ᠡ ᠴᠠᠷᠠᠭ᠎ᠠ ᠪᠠᠷ ᠵᠣᠭᠰᠣᠬᠤ ᠪᠢᠰᠢ ᠂ ᠬᠠᠷᠢᠨ ᠨᠡᠭᠦᠷᠡᠰᠦ ᠪᠠᠷ ᠰᠠᠭᠤᠷᠢ ᠪᠣᠯᠭᠠᠭᠰᠠᠨ ᠨᠠᠨᠤ᠋ ᠨᠡᠭᠦᠷᠡᠰᠦᠲᠥ᠋ᠷᠥᠭᠴᠢᠳᠤ | ᠤᠰᠤᠲᠥ᠋ᠷᠥᠭᠴᠢ ᠶᠢᠨ ᠲᠦᠯᠡᠰᠢ ᠶᠢ ᠪᠠᠰᠠ ᠲᠠᠷᠢ ᠂ ᠰᠢᠲᠠᠭᠠᠯᠭ᠎ᠠ ᠶᠢᠨ ᠲᠣᠰᠣ ᠪᠠᠷ ᠣᠷᠣᠯᠠᠭᠤᠯᠵᠦ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠡᠶᠢᠵᠢᠭᠦᠯᠬᠦ | ᠵᠡᠷᠭᠡ ᠤᠯᠠᠨ ᠬᠦᠷᠢᠶᠠᠨ ᠳᠤ ᠬᠡᠷᠡᠭᠯᠡᠵᠦ ᠪᠣᠯᠣᠨ᠎ᠠ ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠡᠶᠢᠵᠢᠭᠦᠯᠬᠦ ᠪᠠᠷ ᠵᠢᠱᠢᠶᠡᠯᠡᠪᠡᠯ ᠂ ᠡᠩ ᠤᠨ ᠪᠠᠶᠢᠳᠠᠯ ᠳᠤ | ᠨᠡᠭᠦᠷᠡᠰᠦᠨ ᠤ ᠡᠭᠡᠳᠡᠩ ᠤᠨ ᠥᠳᠭᠡᠴᠡ ᠶᠢ ᠵᠠᠭᠤᠨ ᠤ ᠬᠤᠪᠢ ᠶᠢᠨ ᠬᠠᠷᠢᠴᠠᠯ ᠢᠶᠠᠷ 1 ᠳᠡᠭᠡᠭᠰᠢᠯᠡᠭᠦᠯᠬᠦ ᠪᠦᠷᠢ ᠨᠡᠶᠢᠯᠡᠮᠡᠯ ᠬᠡᠢ ᠶᠢᠨ ᠭᠠᠷᠤᠯᠲᠠ ᠶᠢᠨ ᠨᠤᠷᠮ᠎ᠠ ᠶᠢ | ᠵᠠᠭᠤᠨ ᠤ ᠬᠤᠪᠢ ᠶᠢᠨ ᠬᠠᠷᠢᠴᠠᠯ ᠢᠶᠠᠷ 0.5 ᠳᠡᠭᠡᠭᠰᠢᠯᠡᠭᠦᠯᠵᠦ ᠴᠢᠳᠠᠨ᠎ᠠ ᠃ ᠤᠯᠠᠮᠵᠢᠯᠠᠯᠲᠤ ᠤᠰᠤᠨ ᠨᠡᠭᠦᠷᠡᠰᠦᠨ ᠤ ᠡᠭᠡᠳᠡᠩ ᠤᠨ ᠥᠳᠭᠡᠴᠡ ᠨᠢ ᠶᠡᠷᠦ ᠳᠡᠭᠡᠨ | 60% ᠣᠷᠴᠢᠮ ᠪᠠᠶᠢᠵᠤ ᠂ ᠥᠳᠭᠡᠴᠡ ᠶᠢ ᠤᠯᠠᠮ ᠳᠡᠭᠡᠭᠰᠢᠯᠡᠭᠦᠯᠬᠦ ᠳᠤ ᠥᠪᠡᠷ ᠤᠨ ᠥᠷᠲᠡᠭ ᠨᠢ ᠮᠠᠰᠢ ᠥᠨᠳᠥᠷ ᠪᠠᠶᠢᠳᠠᠭ ᠂ ᠬᠠᠷᠢᠨ ᠨᠡᠭᠦᠷᠡᠰᠦ ᠪᠠᠷ ᠰᠠᠭᠤᠷᠢ | ᠪᠤᠯᠭᠠᠬᠰᠠᠨ ᠨᠠᠨᠤ᠋ ᠨᠡᠭᠦᠷᠡᠰᠦᠳᠦᠷᠦᠭᠴᠢᠳᠤ ᠤᠰᠤᠲᠥ᠋ᠷᠥᠭᠴᠢ ᠶᠢᠨ ᠲᠦᠯᠡᠰᠢ ᠶᠢᠨ ᠡᠭᠡᠳᠡᠩ ᠪᠣᠯᠬᠤ ᠥᠳᠭᠡᠴᠡ ᠨᠢ 70% ᠣᠷᠴᠢᠮ ᠲᠤ ᠬᠦᠷᠳᠡᠭ ᠬᠡᠵᠡᠢ ᠃ | ︽ ᠨᠢᠬᠡᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠲᠤᠷᠰᠢᠨ ᠦᠢᠯᠡᠳᠪᠤᠷᠢᠯᠡᠭᠰᠡᠨ ᠤ ᠳᠠᠷᠠᠭ᠎ᠠ ᠂ ᠦᠢᠯᠡᠳᠪᠦᠷᠢᠯᠡᠭᠰᠡᠨ ᠨᠡᠶᠢᠯᠡᠮᠡᠯ | ᠬᠡᠢ ᠶᠢᠨ ᠨᠡᠮᠡᠭᠳᠡᠯ ᠨᠢ ᠵᠢᠯ ᠪᠦᠷᠢ 2 ᠳ᠋ᠦᠩᠰᠢᠭᠤᠷ ᠲᠥᠭᠦᠷᠢᠭ ᠣᠷᠴᠢᠮ ᠤᠨ ᠠᠰᠢᠭ ᠣᠷᠣᠯᠭ᠎ᠠ ᠶᠢ ᠰᠢᠨ᠎ᠠ ᠪᠠᠷ ᠨᠡᠮᠡᠭᠳᠡᠬᠦᠯᠬᠦ ᠪᠤᠯᠤᠨ᠎ᠠ ︾ ᠃ ᠲᠤᠰ | ᠬᠠᠷᠢᠭᠤᠴᠠᠯᠭᠠᠲᠠᠨ ᠤ ᠲᠠᠨᠢᠯᠴᠠᠭᠤᠯᠬᠤ ᠪᠠᠷ ᠂ ᠨᠡᠭᠦᠷᠡᠰᠦ ᠪᠠᠷ ᠰᠠᠭᠤᠷᠢ ᠪᠣᠯᠭᠠᠭᠰᠠᠨ ᠨᠠᠨᠤ᠋ ᠨᠡᠭᠦᠷᠡᠰᠦᠳᠦᠷᠦᠭᠴᠢᠳᠤ ᠤᠰᠤᠲᠥ᠋ᠷᠥᠭᠴᠢ ᠶᠢᠨ ᠲᠦᠯᠡᠰᠢ ᠪᠠᠷ ᠤᠤᠯ | ᠲᠦᠯᠡᠰᠢᠨ ᠨᠡᠭᠦᠷᠡᠰᠦ ᠶᠢ ᠣᠷᠣᠯᠠᠭᠤᠯᠵᠤ ᠂ ᠵᠡᠭᠦᠨᠭᠠᠷ ᠡᠨᠧᠷᠭᠢ ᠶᠢᠨ ᠪᠦᠯᠦᠭᠯᠡᠯ ᠤᠨ ︽ ᠨᠡᠭᠦᠷᠡᠰᠦ — ᠴᠠᠬᠢᠯᠭᠠᠨ — ᠨᠤᠨᠳᠠᠭ ᠨᠡᠭᠦᠷᠡᠰᠦᠨ ᠤ ᠦᠨᠡᠰᠦ — | ᠪᠣᠬᠢᠷᠲᠤᠯ ᠦᠭᠡᠢ ᠴᠠᠬᠢᠯᠭᠠᠨ ᠵᠠᠳᠠᠯᠤᠯ ᠤᠨ ᠬᠥᠩᠭᠡᠨᠴᠠᠭᠠᠨ — ᠦᠵᠦᠬᠦᠷᠵᠢᠭᠰᠡᠨ ᠬᠥᠩᠭᠡᠨᠴᠠᠭᠠᠨ ᠤ ᠦᠢᠯᠡᠳᠬᠦᠨ ᠂ ᠬᠤᠪᠣᠷ ᠲᠡᠮᠦᠷᠯᠢᠭ — ᠴᠠᠭᠠᠨ | ᠰᠢᠪᠠᠷ ᠢ ᠶᠡᠷᠦᠩᠬᠡᠶᠢᠯᠡᠨ ᠠᠰᠢᠭᠯᠠᠬᠰᠠᠨ ᠦᠢᠯᠡᠳᠬᠦᠨ ︾ ᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠬᠦᠯᠵᠦ ᠂ ᠨᠡᠭᠦᠷᠡᠰᠦ ᠶᠢ ᠦᠨᠳᠦᠷ ᠪᠦᠳᠦᠮᠵᠢᠳᠡᠢ ᠪᠠᠷ | ᠠᠰᠢᠬᠯᠠᠵᠤ ᠪᠤᠢ ᠃ ᠠᠩᠬ᠎ᠠ ᠠᠯᠬᠤᠮ ᠤᠨ ᠵᠢᠱᠢᠭᠰᠡᠨ ᠢᠶᠠᠷ ᠂ ᠡᠨᠡᠬᠦ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠢ ᠶᠢᠨ ᠦᠷ᠎ᠡ ᠠᠰᠢᠭ ᠨᠢ ᠲᠦᠬᠦᠬᠡᠢ | ᠨᠡᠭᠦᠷᠡᠰᠦᠨ ᠤ ᠦᠷᠳᠡᠭ ᠤᠨ 18 ᠲᠠᠬᠢᠨ ᠪᠠᠶᠢᠵᠦ ᠂ ᠪᠠᠰᠠ ᠮᠠᠨ ᠤ ᠤᠯᠤᠰ ᠤᠨ ᠬᠥᠩᠭᠡᠨᠴᠠᠭᠠᠨ ᠰᠢᠷᠣᠢ ᠶᠢᠨ ᠠᠭᠤᠷᠬᠠᠢ ᠶᠢᠨ ᠡᠬᠢ ᠪᠠᠶᠠᠯᠢᠭ ᠤᠨ ᠬᠦᠷᠦᠯᠴᠡᠬᠦ | ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠰᠢᠨ᠎ᠡ ᠠᠷᠭ᠎ᠠ ᠵᠠᠮ ᠬᠠᠩᠭᠠᠵᠦ ᠦᠭᠪᠠ ᠬᠡᠵᠡᠢ ᠃ | ᠥᠪᠥᠷ ᠮᠣᠩᠭᠤᠯ ᠤᠨ ᠣᠷᠳᠣᠰ ᠲᠤ ᠂ ᠱᠠᠲᠤᠨ ᠲᠠᠷᠢᠶ᠎ᠠ ᠮᠠᠳᠤ ᠤᠷᠢᠶᠠᠯᠳᠤᠬᠰᠠᠨ ᠵᠠᠳᠠᠭᠠᠢ ᠨᠡᠬᠦᠷᠡᠰᠦᠨ ᠠᠭᠤᠷᠬᠠᠢ ᠶᠢᠨ ᠨᠦᠬᠡᠨ ᠳᠤ ᠂ 330 ᠲᠣᠨ ᠬᠦᠨᠳᠦ | ᠵᠢᠯᠤᠭᠤᠴᠢ ᠦᠬᠡᠢ ᠠᠭᠤᠷᠬᠠᠢ ᠶᠢᠨ ᠠᠴᠢᠶᠠᠨ ᠤ ᠮᠠᠰᠢᠨ ᠲᠡᠷᠭᠡᠨ ᠳᠤ ᠴᠠᠬᠢᠯᠭᠠᠨ ᠬᠤᠰᠤᠭᠤᠷ ᠢᠶᠠᠷ ᠮᠠᠯᠳᠠᠵᠦ ᠭᠠᠷᠭᠠᠬᠰᠠᠨ ᠠᠭᠤᠷᠬᠠᠢ ᠶᠢᠨ ᠰᠢᠷᠣᠢ ᠶᠢ ᠰᠠᠪᠠᠯᠠᠨ | ᠲᠡᠭᠡᠭᠡᠵᠦ ᠂ 2.5 ᠺᠢᠯᠤᠮᠧᠲᠷ ᠤᠨ ᠴᠠᠭᠠᠨᠠᠬᠢ ᠪᠠᠭᠤᠯᠭᠠᠬᠤ ᠭᠠᠵᠠᠷ ᠲᠤ ᠬᠦᠷᠬᠡᠨ ᠭᠠᠳᠠᠬᠰᠢᠯᠠᠭᠤᠯᠵᠦ ᠂ ︽ ᠮᠠᠯᠲᠠᠬᠤ ᠂ ᠵᠥᠭᠡᠭᠡᠪᠦᠷᠢᠯᠡᠬᠦ ᠂ ᠭᠠᠳᠠᠭᠰᠢᠯᠠᠭᠤᠯᠬᠤ ︾ | ᠪᠦᠬᠦ᠋ᠢᠯᠡ ᠶᠠᠪᠤᠴᠠ ᠶᠢ ᠤᠨᠢᠨ ᠳᠡᠭᠡᠷ᠎ᠡ ᠨᠢ ᠢᠯᠭᠤᠮ ᠰᠢᠯᠤᠭᠤᠬᠠᠨ ᠪᠡᠶᠡᠯᠡᠬᠦᠯᠪᠠ ᠃ | ︽ ᠵᠠᠳᠠᠭᠠᠢ ᠨᠡᠭᠦᠷᠡᠰᠦᠨ ᠠᠭᠤᠷᠬᠠᠢ ᠶᠢᠨ ᠠᠴᠢᠶᠠᠨ ᠤ ᠮᠠᠰᠢᠨ ᠤ ᠬᠡᠯᠪᠡᠷᠢ ᠨᠢ ᠶᠡᠭᠡ ᠂ ᠪᠠᠯᠠᠷᠬᠠᠢ ᠣᠷᠣᠨ ᠣᠯᠠᠨ ᠪᠠᠶᠢᠵᠦ ᠂ ᠢᠯᠠᠩᠭᠤᠶ᠎ᠠ ᠰᠥᠨᠢ ᠪᠤᠶᠤ ᠴᠠᠭ | ᠠᠭᠠᠷ ᠠᠨᠠᠢ ᠦᠶ᠎ᠡ ᠳᠤ ᠂ ᠵᠢᠯᠣᠭᠤᠴᠢ ᠠᠵᠢᠯᠯᠠᠬᠤ ᠳᠤ ᠠᠮᠤᠷ ᠲᠦᠪᠰᠢᠨ ᠤ ᠳᠠᠯᠳᠠ ᠬᠡᠮ ᠤᠯᠠᠨ ᠤᠷᠤᠰᠢᠳᠠᠭ ᠃ ᠡᠳᠡᠭᠡᠷ ᠵᠢᠯᠤᠭᠤᠴᠢ ᠦᠭᠡᠢ ᠠᠭᠤᠷᠬᠠᠢ ᠶᠢᠨ | ᠮᠠᠰᠢᠨ ᠨᠢ ᠯᠠᠶᠢᠰᠧᠷ ᠷᠠᠳᠠᠷ ᠂ ᠮᠢᠯᠢᠮᠧᠲᠷ ᠳᠣᠯᠭᠢᠶᠠᠨᠲᠤ ᠷᠠᠳᠠᠷ ᠂ ᠲᠣᠭᠠᠨ ᠤ ᠬᠤᠤᠰᠯᠠᠯ ᠵᠡᠷᠭᠡ ᠰᠢᠨ᠎ᠡ ᠮᠡᠷᠭᠡᠵᠢᠯ ᠢ ᠬᠡᠷᠡᠭᠯᠡᠨ ᠂ ᠪᠡᠶ᠎ᠡ ᠪᠠᠨ ᠳᠠᠭᠠᠭᠠᠨ ᠵᠠᠮ | ᠱᠤᠭᠤᠮ ᠢᠶᠠᠨ ᠲᠥᠯᠥᠪᠯᠡᠵᠦ ᠂ ᠨᠠᠷᠢᠯᠢᠭ ᠣᠨᠤᠪᠴᠢᠳᠡᠢ ᠪᠠᠷ ᠮᠠᠰᠢᠨ ᠢᠶᠠᠨ ᠵᠣᠭᠰᠣᠭᠠᠵᠦ ᠠᠴᠢᠶ᠎ᠠ ᠪᠠᠨ ᠪᠠᠭᠤᠯᠭᠠᠵᠤ ᠴᠢᠳᠠᠳᠠᠭ ᠂ ᠵᠢᠯᠤᠭᠤᠳᠬᠤ ᠬᠤᠷᠳᠤᠴᠠ ᠨᠢ ᠴᠦ | ᠵᠢᠯᠣᠭᠤᠴᠢ ᠠᠴᠠ ᠰᠠᠭᠤᠬᠳᠠᠬᠤ ᠦᠬᠡᠢ ︾ ᠬᠡᠵᠦ ᠤᠯᠤᠰ ᠤᠨ ᠡᠨᠧᠷᠭᠢ ᠶᠢᠨ ᠵᠡᠬᠦᠨᠭᠠᠷ ᠡᠨᠧᠷᠭᠢ ᠶᠢᠨ ᠪᠦᠯᠦᠭᠯᠡᠯ ᠤᠨ ᠬᠠᠳᠡᠢ ᠶᠢᠨ ᠭᠤᠤᠯ ᠵᠠᠳᠠᠭᠠᠢ ᠨᠡᠭᠦᠷᠡᠰᠦᠨ | ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠥᠪ ᠤᠨ ᠳᠠᠭᠠᠭᠠᠮᠠᠯ ᠭᠦᠸᠧ ᠫᠧᠢ ᠬᠡᠯᠡᠨ᠎ᠠ ᠃ | ᠨᠡᠭᠦᠷᠡᠰᠦᠨ ᠴᠢᠯᠠᠭᠤᠯᠢᠭ ᠂ ᠱᠠᠲᠤᠯᠢᠭ ᠫᠷᠠᠮᠧᠲᠷ ᠵᠡᠷᠭᠡ ᠮᠡᠳᠡᠭᠡ ᠵᠠᠩᠭᠢ ᠶᠢ ᠣᠷᠣᠭᠤᠯᠪᠠᠯ ᠂ ᠣᠶᠤᠨᠴᠢ ᠳᠡᠯᠪᠡᠷᠡᠭᠦᠯᠬᠦ ᠰᠢᠰᠲ᠋ᠧᠮ ᠨᠢ ᠨᠦᠬᠡ ᠶᠢᠨ ᠨᠠᠷᠢᠯᠢᠭ | ᠬᠡᠮᠵᠢᠶ᠎ᠡ ᠶᠢ 5 ᠰᠠᠨᠲ᠋ᠢᠮᠧᠲᠷ ᠤᠨ ᠳᠣᠲᠣᠷ᠎ᠠ ᠪᠤᠯᠭᠠᠨ ᠳᠡᠭᠡᠭᠰᠢᠯᠡᠭᠦᠯᠵᠦ ᠴᠢᠳᠠᠨ᠎ᠠ ︔ ᠥᠨᠳᠥᠷ ᠳᠡᠭᠲᠡᠷᠲᠦ ᠷᠠᠳᠠᠷ ᠤᠨ ᠬᠢᠨᠠᠨ ᠬᠡᠮᠵᠢᠬᠦ ᠰᠢᠰᠲ᠋ᠧᠮ ᠨᠢ ᠨᠢᠭᠤᠭᠳᠠᠮᠠᠯ | ᠠᠶᠤᠯᠲᠠᠢ ᠣᠷᠣᠨ ᠢ ᠲᠦᠷᠭᠡᠨ ᠢᠯᠭᠠᠨ ᠲᠠᠨᠢᠵᠤ ᠂ ᠤᠷᠢᠳᠴᠢᠯᠠᠨ ᠰᠡᠷᠡᠮᠵᠢᠯᠡᠭᠦᠯᠬᠦ ᠬᠦᠴᠦᠨ ᠲᠠᠢ ᠬᠤᠭᠤᠴᠠᠭ᠎ᠠ ᠶᠢ 24 ᠴᠠᠭ ᠠᠴᠠ 2 ᠴᠠᠭ ᠪᠣᠯᠭᠠᠨ | ᠪᠣᠭᠤᠨᠢᠰᠬᠠᠵᠤ ᠂ ᠵᠢᠯ ᠪᠦᠷᠢ 10 ᠲᠦᠮᠡᠨ ᠲᠣᠨ ᠠᠴᠠ ᠢᠯᠡᠭᠦᠦ ᠨᠡᠭᠦᠷᠡᠰᠦ ᠮᠠᠯᠲᠠᠵᠤ ᠴᠢᠳᠠᠨ᠎ᠠ ᠁ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ᠢᠶᠠᠷ | ᠴᠢᠳᠠᠪᠤᠷᠢ ᠣᠯᠭᠤᠬᠰᠠᠨ ᠬᠠᠳᠠᠢ ᠶᠢᠨ ᠭᠤᠤᠯ ᠤᠨ ᠵᠠᠳᠠᠭᠠᠢ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠬᠠᠮᠢᠶᠠᠷᠤᠯᠲᠠ ᠶᠢ ᠨᠡᠩ ᠣᠶᠤᠨᠴᠢ ᠮᠦᠷᠳᠡᠬᠡᠨ | ᠥᠨᠳᠥᠷ ᠪᠦᠲᠦᠮᠵᠢᠲᠡᠢ ᠪᠣᠯᠭᠠᠵᠤ ᠴᠢᠳᠠᠵᠡᠢ ᠃ | ᠤᠯᠤᠰ ᠤᠨ ᠡᠨᠧᠷᠭᠢ ᠶᠢᠨ ᠵᠡᠬᠦᠨᠭᠠᠷ ᠡᠨᠧᠷᠭᠢ ᠶᠢᠨ ᠪᠦᠯᠦᠭᠯᠡᠯ ᠳᠤ ᠂ 10 ᠲᠦᠮᠡ ᠰᠢᠬᠠᠮ ᠮᠦ ᠲᠠᠬᠢᠨ ᠬᠠᠭᠠᠯᠪᠤᠷᠢᠯᠠᠭᠰᠠᠨ ᠭᠠᠵᠠᠷ ᠰᠢᠷᠣᠢ ᠶᠢᠨ ᠡᠬᠢ | ᠪᠠᠶᠠᠯᠢᠭ ᠢ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠭᠠᠨ ᠪᠦᠳᠦᠬᠡᠨ ᠪᠠᠶᠢᠭᠤᠯᠪᠠ ᠃ | |