| | ︽ ᠠᠵᠤ ᠠᠬᠤᠶᠢᠯᠠᠯ ᠳᠤ ᠪᠣᠳᠠᠲᠤ ᠶᠠᠪᠤᠳᠠᠯ ᠪᠦᠲᠦᠭᠡᠵᠦ ᠥᠭᠬᠦ ︾ ᠠᠵᠢᠯ ᠤᠨ ᠴᠢᠨᠠᠷᠵᠢᠯ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠳᠤᠰᠠᠳᠠ ᠂ | 11 ᠰᠠᠷ᠎ᠠ ᠶᠢᠨ 2 ᠤᠨ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠸᠠᠩ | ᠭᠦᠸᠧ ᠴᠢᠤᠸᠠᠨ ᠮᠧᠩ ᠨᠧᠩ ᠵᠦᠨ ᠳ᠋ᠠ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠬᠤᠢ ᠳᠠᠯᠠᠪᠠᠢ ᠳᠤ ᠢᠷᠡᠵᠦ ᠂ ᠠᠬᠤᠢ ᠲᠠᠯᠠᠪᠠᠶ ᠳᠤ ᠠᠯᠪᠠᠯᠠᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ ᠃ | | ᠵᠢᠷᠤᠭ ᠄ 11 ᠰᠠᠷ᠎ᠠ ᠶᠢᠨ 2 ᠤᠨ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ | ᠳᠠᠷᠤᠭ᠎ᠠ ᠸᠠᠩ ᠭᠦᠸᠧ ᠴᠢᠤᠸᠠᠨ ᠮᠧᠩ ᠨᠧᠩ ᠵᠦᠨ ᠳ᠋ᠠ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠳᠦᠷᠤᠯ ᠵᠤᠶᠢᠯ ᠤᠨ ᠪᠦᠲᠦᠭᠡᠨ | ᠪᠠᠶᠢᠭᠤᠯᠤᠯᠲᠠ ᠶᠢᠨ ᠠᠬᠤᠢ ᠲᠠᠯᠠᠪᠠᠢ ᠳᠤ ᠬᠦᠷᠴᠦ ᠂ ᠠᠬᠤᠢ ᠲᠠᠯᠠᠪᠠᠶ ᠳᠤ ᠠᠯᠪᠠᠯᠠᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠶᠤᠸᠠᠢ | ᠴᠧᠨ ᠶᠠᠨ ᠰᠡᠭᠦᠳᠡᠷᠯᠡᠪᠡ | ᠸᠠᠩ ᠭᠦᠸᠧ ᠴᠢᠤᠸᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠲᠥᠷᠥᠯ ᠵᠦᠢᠯ ᠢ | ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠨᠠᠷᠢᠨ ᠨᠢᠮᠪᠠᠢ ᠠᠰᠠᠭᠤᠨ ᠯᠠᠪᠯᠠᠭᠰᠠᠨ ᠤ ᠬᠠᠮᠲᠤ ᠠᠵᠤ ᠠᠬᠤᠶᠢᠯᠠᠯ ᠤᠨ ᠬᠢᠨ ᠤ | ᠳᠤᠷᠠᠳᠤᠭᠰᠠᠨ ᠬᠦᠰᠡᠯ ᠱᠠᠭᠠᠷᠳᠠᠯᠭ᠎ᠠ ᠶᠢᠨ ᠲᠤᠬᠠᠢ ᠨᠢᠭᠡᠳ ᠨᠢᠭᠡ ᠪᠠᠷ ᠬᠠᠷᠢᠭᠤ ᠥᠭᠴᠦ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠰᠢᠢᠳᠪᠦᠷᠢᠯᠡᠬᠦ | ᠠᠵᠢᠯ ᠢ ᠳᠠᠷᠤᠢ ᠲᠦᠷᠭᠡᠨ ᠲᠣᠬᠢᠲᠠᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃ ᠲᠡᠷᠡ ᠴᠢᠬᠤᠯᠠᠴᠢᠯᠠᠬᠤ ᠳᠠᠭᠠᠨ ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ | ᠬᠢᠨ ᠲᠣᠰ ᠲᠣᠰ ᠤᠨ ᠳᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠤᠨ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠤᠯᠠᠮ ᠴᠢᠨᠠᠬᠰᠢᠳᠠ ᠴᠢᠩᠭᠠᠳᠬᠠᠵᠤ ᠂ ᠦᠢᠯᠡᠴᠢᠯᠡᠭᠡᠨ ᠤ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠦᠨ ᠂ ᠠᠵᠤ ᠠᠬᠤᠶᠢᠯᠠᠯ ᠤᠨ ᠬᠢᠨ ᠤ ᠳᠤᠷᠠᠳᠤᠭᠰᠠᠨ ᠬᠦᠴᠢᠷᠳᠡᠯ | ᠪᠠ ᠠᠰᠠᠭᠤᠳᠠᠯ ᠳᠤ ᠴᠢᠭᠯᠡᠭᠦᠯᠦᠨ ᠦᠳᠲᠡᠷ ᠲᠦᠷᠭᠡᠨ ᠬᠠᠷᠢᠭᠤᠯᠲᠠ ᠥᠭᠴᠦ ᠂ ᠳᠠᠷᠤᠢ ᠲᠦᠷᠭᠡᠨ ᠬᠥᠳᠡᠯᠦᠯᠴᠡᠵᠦ ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ︽ ᠡᠴᠦᠰ ᠤᠨ ᠨᠢᠭᠡ ᠺᠢᠯᠣᠮᠧᠲᠷ ︾ ᠢ ᠡᠷᠡᠰ ᠨᠡᠪᠲᠡᠷᠡᠭᠦᠯᠬᠦ ᠬᠡᠷᠡᠭᠲᠡᠢ ᠃ | ᠠᠵᠤ ᠠᠬᠤᠶᠢᠯᠠᠯ ᠤᠨ ᠪᠣᠳᠠᠲᠤ ᠪᠠᠶᠢᠳᠠᠯ ᠳᠤ ᠰᠠᠭᠤᠷᠢᠯᠠᠨ ᠂ ᠠᠰᠠᠭᠤᠳᠠᠯ ᠤᠨ ᠤᠳᠤᠷᠢᠳᠤᠮᠵᠢ ᠶᠢ ᠪᠠᠲᠤ ᠪᠤᠶ ᠪᠣᠯᠭᠠᠵᠤ ᠂ ᠰᠠᠨᠠᠭᠠᠴᠢᠯᠠᠭ᠎ᠠ ᠠᠴᠠ ᠪᠠᠨ | ᠤᠷᠢᠳᠴᠢᠯᠠᠨ ᠦᠢᠯᠡᠴᠢᠯᠡᠵᠦ ᠂ ᠠᠵᠤ ᠠᠬᠤᠶᠢᠯᠠᠯ ᠤᠨ ᠬᠢᠨ ᠲᠠᠢ ᠬᠠᠮᠲᠤ ᠪᠠᠶᠢᠵᠤ ᠂ ᠬᠠᠮᠲᠤ ᠠᠵᠢᠯᠯᠠᠵᠤ ᠂ ᠠᠵᠤ ᠠᠬᠤᠶᠢᠯᠠᠯ ᠤᠨ ᠲᠥᠷᠥᠯ ᠵᠦᠢᠯ ᠢ ᠠᠬᠢᠭᠤᠯᠬᠤ | ᠶᠠᠪᠤᠴᠠ ᠳᠤ ᠲᠤᠯᠭᠠᠷᠠᠭᠰᠠᠨ ᠬᠦᠴᠢᠷ ᠲᠦᠪᠡᠭᠲᠡᠢ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ ᠂ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠨ ᠂ | ᠠᠵᠤ ᠠᠬᠤᠶᠢᠯᠠᠯ ᠯᠤᠭ᠎ᠠ ᠨᠢᠭᠲᠠ ᠬᠠᠮᠵᠢᠯᠴᠠᠵᠤ ᠂ ᠲᠥᠷᠥᠯ ᠵᠦᠢᠯ ᠤᠨ ᠠᠬᠢᠴᠠ ᠶᠢ ᠲᠦᠷᠭᠡᠳᠬᠡᠨ ᠠᠬᠢᠭᠤᠯᠵᠤ ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ | ᠣᠷᠣᠭᠤᠯᠵᠤ ᠡᠷᠲᠡᠬᠡᠨ ᠦᠷ᠎ᠡ ᠪᠦᠲᠦᠮᠵᠢ ᠣᠯᠬᠤ ᠪᠠᠷ ᠴᠢᠷᠮᠠᠶᠢᠵᠤ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠠᠵᠤ ᠠᠬᠤᠶᠢᠯᠠᠯ ᠤᠨ ︽ ᠬᠦᠴᠢᠷ | ᠠᠰᠠᠭᠤᠳᠠᠯ ᠢ ᠰᠢᠢᠳᠪᠦᠷᠢᠯᠡᠵᠦ ᠂ ᠪᠣᠳᠠᠲᠠᠢ ᠠᠵᠢᠯ ᠬᠢᠬᠦ ︾ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ ᠂ ᠭᠤᠣᠯ ᠰᠡᠳᠦᠪᠲᠦ ᠬᠥᠮᠦᠵᠢᠯ ᠢ | ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠭᠡᠷᠡᠭᠳᠡᠢ ᠭᠡᠪᠡ ᠃ | ᠬᠤᠰᠢᠭᠤᠨ ᠤ ᠳᠡᠳ᠋ ᠳᠠᠷᠤᠭ᠎ᠠ ᠯᠢᠦ ᠢᠦᠢ ᠴᠧᠩ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠳ᠋ᠠ ᠯᠦ ᠪᠠᠯᠭᠠᠰᠤ ᠵᠢᠴᠢ ᠬᠤᠯᠪᠤᠬᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ ᠃ | | | | | |