| ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠡᠮᠦᠨ᠎ᠡ ᠪᠡᠭᠡᠵᠢᠩ ᠳᠠᠬᠢ ᠠᠷᠠᠳ ᠤᠨ ᠶᠡᠭᠡ | ᠬᠤᠷᠠᠯ ᠤᠨ ᠲᠠᠩᠬᠢᠮ ᠳᠤ ᠪᠦᠭᠦ ᠤᠯᠤᠰ ᠤᠨ ︽ ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ ︾ ᠳᠤ ᠰᠣᠩᠭᠤᠭᠳᠠᠭᠰᠠᠨ ᠨᠢᠭᠡᠴᠢ ᠶᠢᠨ ᠲᠥᠯᠥᠭᠡᠯᠡᠭᠴᠢᠳ ᠲᠠᠢ | ᠳᠣᠲᠣᠨᠣ ᠪᠠᠷ ᠠᠭᠤᠯᠵᠠᠵᠤ ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠬᠠᠯᠠᠭᠤᠨ ᠪᠠᠶᠠᠷ ᠬᠦᠷᠭᠡᠵᠦ ᠂ ᠲᠡᠳᠡᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ | ᠰᠢᠨ᠎ᠡ ᠴᠠᠭ ᠦᠶ᠎ᠡ ᠶᠢᠨ ︽ ᠹᠧᠩᠴᠢᠶᠤᠤ ᠶᠢᠨ ᠲᠤᠷᠰᠢᠯᠭ᠎ᠠ ︾ ᠶᠢ ᠰᠠᠶᠢᠲᠤᠷ ᠪᠠᠷᠢᠮᠲᠠᠯᠠᠨ ᠬᠥᠭᠵᠢᠭᠦᠯᠵᠦ ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ ᠃ | | 11 ᠰᠠᠷ᠎ᠠ ᠶᠢᠨ 6 ᠤ ᠡᠳᠦᠷ ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ ᠂ ᠼᠠᠢ ᠴᠢ ᠂ ᠯᠢ ᠰᠢ ᠨᠠᠷ ᠪᠡᠭᠡᠵᠢᠩ ᠳᠠᠬᠢ ᠠᠷᠠᠳ ᠤᠨ ᠶᠡᠭᠡ | ᠬᠤᠷᠠᠯ ᠤᠨ ᠲᠠᠩᠬᠢᠮ ᠳᠤ ᠪᠦᠭᠦ ᠤᠯᠤᠰ ᠤᠨ ︽ ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ ︾ ᠳᠤ ᠰᠣᠩᠭᠤᠭᠳᠠᠭᠰᠠᠨ ᠨᠢᠭᠡᠴᠢ ᠶᠢᠨ ᠲᠥᠯᠥᠭᠡᠯᠡᠭᠴᠢᠳ ᠲᠠᠢ | ᠠᠭᠤᠯᠵᠠᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠨᠠᠮ ᠤᠨ ᠲᠥᠪ ᠬᠤᠷᠢᠶ᠎ᠠ ᠶᠢᠨ ᠠᠯᠪᠠᠨ | ᠲᠢᠩᠬᠢᠮ ᠤᠨᠡᠷᠭᠢᠯᠡᠭᠴᠢ ᠼᠠᠢ ᠴᠢ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠱᠦᠵᠢ ᠯᠢ ᠰᠢ ᠠᠭᠤᠯᠵᠠᠯᠲᠠ ᠳᠤ ᠣᠷᠣᠯᠴᠠᠵᠠᠢ ᠃ | ᠦᠳᠡ ᠶᠢᠨ ᠡᠮᠦᠨᠡᠬᠢ 10 ᠴᠠᠭ 30 ᠮᠢᠨᠦ᠋ᠲ ᠲᠤ ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ ᠣᠷᠣᠵᠤ | ᠢᠷᠡᠬᠦ ᠳᠤ ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ ᠃ | ᠰᠢ ᠶᠢᠨ ᠫᠢᠩ ᠨᠠᠷ ᠲᠥᠯᠥᠭᠡᠯᠡᠭᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠭᠡᠷᠡᠯ | ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃ | ᠴᠧᠨ ᠸᠧᠨ ᠴᠢᠩ ᠂ ᠸᠠᠩ ᠰᠢᠶᠣᠣ ᠬᠤᠩ ᠂ ᠦ᠋ ᠵᠧᠩ ᠯᠦᠩ ᠂ ᠵᠠᠩ ᠵᠢᠶᠦ᠋ᠨ ᠂ ᠶᠢᠩ ᠶᠦᠩ ᠠᠭᠤᠯᠵᠠᠯᠲᠠ ᠳᠤ ᠣᠷᠣᠯᠴᠠᠵᠠᠢ ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ︽ ᠹᠧᠩᠴᠢᠶᠣᠤ ᠵᠢᠨᠲ᠋ᠤᠷᠰᠢᠯᠭᠠ ︾ | ᠶᠢ ᠪᠠᠷᠢᠮᠲᠠᠯᠠᠨ ᠬᠥᠭᠵᠢᠭᠦᠯᠬᠦ ᠲᠤᠬᠠᠢ ᠠᠯᠢ ᠤᠯᠠᠨ ᠴᠢᠬᠤᠯᠠ ᠵᠢᠭᠠᠪᠤᠷᠢ ᠥᠭᠪᠡ ᠂ ᠡᠯ᠎ᠡ ᠭᠠᠵᠠᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠯᠠᠨ ᠲᠦᠮᠡᠨ ᠳᠤ ᠨᠢᠭᠲᠠ ᠲᠦᠰᠢᠭᠯᠡᠨ ᠰᠢᠨ᠎ᠡ ᠶᠢ ᠡᠭᠦᠳᠬᠦ ᠶᠢ | ᠰᠦᠪᠡᠭᠴᠢᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠠᠮᠤᠷ ᠲᠣᠭᠲᠠᠭᠤᠨ ᠨᠡᠶᠢᠭᠡᠮ ᠤᠨᠣᠷᠴᠢᠨ ᠢ | ᠴᠢᠷᠮᠠᠶᠢᠨ ᠡᠭᠦᠳᠦᠭᠰᠡᠨ ᠪᠠᠶᠢᠨ᠎ᠠ ᠃ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠢᠨ ᠪᠦᠭᠦ ᠤᠯᠤᠰ ᠤᠨ ᠬᠡᠪᠴᠢᠶᠡᠨ ᠳᠤ 104 ︽ | ᠹᠧᠩᠴᠢᠶᠤᠤ ᠮᠠᠶ᠋ᠢᠭ ᠤᠨ ᠠᠵᠢᠯᠯᠠᠬᠤ ᠠᠷᠭ᠎ᠠ ︾ ᠶᠢᠨ ᠨᠢᠭᠡᠴᠢ ᠶᠢ ᠰᠣᠩᠭᠤᠨ ᠭᠠᠷᠭᠠᠵᠠᠢ ᠃ | | | |