| 11 ᠰᠠᠷ᠎ᠠ ᠶᠢᠨ 2 ᠤᠨ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ | ᠪᠠᠶᠢᠭᠤᠯᠤᠮᠵᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠪᠦᠭᠦᠳᠡ ᠬᠤᠷᠠᠯ ᠢ ᠡᠷᠭᠢᠯᠡᠨ | ᠬᠤᠷᠠᠯᠳᠤᠭᠤᠯᠪᠠ ᠃ | ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠵᠠᠷ ᠰᠢᠷᠣᠢ ᠦᠢᠯᠡᠳᠪᠦᠷᠢ ᠶᠢᠨ ᠭᠡᠷ | ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠢ ᠭᠦᠢᠴᠡᠳᠬᠡᠬᠦ ᠠᠰᠠᠭᠤᠳᠠᠯ ᠢ ᠰᠤᠳᠤᠯᠤᠨ ᠰᠢᠢᠳᠪᠦᠷᠢᠯᠡᠵᠦ ᠂ ᠬᠤᠯᠪᠤᠭᠠᠯᠠᠨ ᠬᠥᠳᠡᠯᠦᠯᠴᠡᠬᠦ ᠲᠣᠭᠲᠠᠴᠠ | ᠪᠠᠶᠢᠭᠤᠯᠵᠤ ᠂ ᠠᠰᠠᠭᠤᠳᠠᠯ ᠢ ᠦᠨᠡᠨ ᠬᠦ ᠰᠢᠢᠳᠪᠦᠷᠢᠯᠡᠵᠦ ᠂ ᠬᠠᠤᠯᠢ ᠲᠣᠭᠲᠠᠭᠠᠯ ᠶᠣᠰᠣᠭᠠᠷ ᠦᠯᠡᠳᠡᠭᠳᠡᠯ ᠢ ᠪᠠᠭᠠᠰᠬᠠᠵᠤ ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ | ᠨᠡᠮᠡᠭᠳᠡᠯ ᠢ ᠪᠠᠲᠤᠯᠠᠬᠤ ᠭᠡᠷᠡᠭᠲᠡᠢ ︔ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠪᠠ ᠨᠥᠭᠡᠴᠡ ᠶᠢ ᠨᠡᠮᠡᠭᠳᠡᠭᠦᠯᠦᠨ | ᠮᠠᠯᠲᠠᠵᠤ ᠦᠢᠯᠡᠳᠪᠦᠷᠢᠯᠡᠬᠦ ᠠᠵᠢᠯ ᠢ ᠰᠤᠳᠤᠯᠵᠤ ᠂ ᠬᠠᠶᠢᠨ ᠰᠢᠨᠵᠢᠯᠡᠬᠦ ᠡᠷᠴᠢᠮ ᠢᠶᠠᠨ ᠴᠢᠩᠭᠠᠷᠠᠭᠤᠯᠤᠨ ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ | ᠨᠡᠭᠡᠭᠡᠨ ᠬᠥᠭᠵᠢᠭᠦᠯᠦᠯᠲᠡ ᠪᠠ ᠰᠢᠨ᠎ᠡ ᠡᠨᠧᠷᠭᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠬᠡᠪ ᠤᠨ ᠪᠤᠰᠤ ᠬᠡᠢ ᠶᠢ ᠨᠡᠭᠡᠭᠡᠨ ᠬᠥᠭᠵᠢᠭᠦᠯᠬᠦ ᠮᠡᠷᠭᠡᠵᠢᠯ ᠤᠨ | ᠪᠣᠭᠤᠮᠲᠠ ᠰᠢᠪᠲᠤᠯᠬᠤ ᠶᠢ ᠴᠢᠩᠭᠠᠳᠬᠠᠨ ᠂ ᠠᠵᠤ ᠦᠢᠯᠡᠰ ᠤᠨ ᠬᠡᠯᠬᠢᠶ᠎ᠡ ᠶᠢᠨ ᠶᠣᠰᠣᠭᠠᠷ ᠨᠡᠭᠦᠷᠡᠰᠦᠨ ᠳᠠᠪᠬᠤᠷᠭ᠎ᠠ ᠶᠢᠨ ᠬᠡᠢ ᠶᠢ ᠣᠨᠳᠣᠣᠰᠢᠭᠤᠯᠤᠨ ᠠᠰᠢᠭᠯᠠᠬᠤ ᠶᠢ | ᠲᠥᠯᠥᠪᠵᠢᠭᠦᠯᠬᠦ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠪᠠᠶᠢᠭᠤᠯᠤᠮᠵᠢ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ | ᠴᠢᠩᠭᠠᠳᠬᠠᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠷᠠᠯ ᠤᠨ | ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠃ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠠᠯ᠎ᠠ ᠪᠠᠷ ᠂ ᠨᠢᠭᠡ ᠳᠤ ᠂ ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠦᠲᠦᠭᠡᠬᠦ ᠶᠢᠨ ᠲᠣᠭᠤᠷᠢᠨ ᠳᠤ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ 4.0 ᠬᠡᠪ ᠢ ᠲᠦᠷᠭᠡᠬᠡᠨ ᠨᠡᠶᠢᠲᠡᠯᠡᠬᠦ ᠬᠡᠷᠡᠭᠲᠡᠢ ᠃ ᠬᠤᠶᠠᠷ ᠲᠤ ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ | ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠭᠤᠷᠪᠠ ᠳᠤ ᠂ ᠪᠣᠬᠢᠷᠳᠤᠯ | ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠨᠧᠷᠭᠢ ᠶᠢᠨ ᠰᠢᠰᠲ᠋ᠧᠮ ᠢ ᠱᠠᠯᠠᠪᠳᠠᠨ ᠪᠠᠶᠢᠭᠤᠯᠬᠤ ᠬᠡᠷᠡᠭᠲᠡᠢ ᠃ ᠳᠥᠷᠪᠡ ᠳᠤ ᠂ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠲᠠᠪᠤ ᠳᠤ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠵᠠᠭᠠᠶᠢᠷᠠᠭᠤᠯᠤᠨ | ᠪᠤᠶᠢᠵᠢᠭᠤᠯᠵᠤ ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠡᠷᠢᠵᠦ ᠂ ᠵᠠᠬᠢᠶᠠᠯᠠᠭ᠎ᠠ ᠡᠷᠢᠵᠦ ᠂ ᠲᠦᠭᠦᠬᠡᠢ ᠮᠠᠲ᠋ᠧᠷᠢᠶᠠᠯ ᠡᠷᠢᠵᠦ ᠂ ᠠᠵᠢᠯᠴᠢᠨ ᠡᠷᠢᠵᠦ ᠥᠭᠬᠦ | ᠬᠡᠷᠡᠭᠲᠡᠢ ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠯ᠎ᠠ ᠪᠠᠷ ᠂ ᠨᠢᠭᠡ ᠳᠤ ᠂ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ | ᠲᠠᠯ᠎ᠠ ᠪᠠᠷ ᠠᠷᠪᠢᠯᠠᠨ ᠡᠷᠴᠢᠮᠵᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ ᠂ ᠡᠯ᠎ᠡ ᠬᠦᠷᠢᠶᠡᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠶᠢ ᠭᠦᠨᠵᠡᠭᠡᠢ ᠠᠬᠢᠭᠤᠯᠬᠤ ᠬᠡᠷᠡᠭᠲᠡᠢ ᠃ ᠬᠤᠶᠠᠷ ᠲᠤ ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠡᠷᠡᠰ ᠪᠠᠷᠢᠮᠲᠠᠯᠠᠵᠤ ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ | ᠰᠠᠶᠢᠲᠤᠷ ᠬᠢᠵᠦ ᠂ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ ᠂ ᠬᠡᠲᠦᠷᠡᠲᠡᠯ᠎ᠡ ᠮᠠᠯᠵᠢᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠭᠤᠷᠪᠠ ᠳᠤ ᠂ | ᠥᠭᠡᠷᠡᠴᠢᠯᠡᠯᠲᠡ ᠶᠢᠨ ᠰᠡᠳᠬᠢᠮᠵᠢ ᠂ ᠰᠢᠨ᠎ᠡ ᠶᠢ ᠡᠭᠦᠳᠬᠦ ᠰᠡᠳᠬᠢᠬᠦᠢ ᠪᠠᠷ ︽ ᠬᠤᠣᠰ ᠨᠡᠭᠦᠷᠡᠰᠦᠲᠥ᠋ᠷᠥᠭᠴᠢ ︾ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ ᠃ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠨᠢ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠳᠦᠷᠢᠮ ᠤᠨ | ᠥᠭᠡᠷᠡᠴᠢᠯᠡᠯᠲᠡ ᠪᠣᠯᠣᠨ ᠲᠠᠷᠢᠶᠠᠴᠢᠨ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠲᠣᠭᠤᠷᠢᠨ ᠳᠤ ᠡᠯ᠎ᠡ ᠵᠦᠢᠯ ᠤᠨ ᠠᠵᠢᠯ ᠢᠶᠠᠨ | ᠰᠠᠶᠢᠲᠤᠷ ᠬᠢᠬᠦ ᠬᠡᠷᠡᠭᠲᠡᠢ ᠃ ᠠᠷᠠᠳ ᠤᠨ ᠠᠮᠢᠳᠤᠷᠠᠯ ᠤᠨ ᠬᠦᠷᠢᠶᠡᠨ ᠤ ᠥᠭᠡᠷᠡᠴᠢᠯᠡᠯᠲᠡ ᠨᠢ ᠠᠵᠢᠯ ᠣᠯᠭᠤᠯᠲᠠ ᠂ ᠰᠤᠷᠭᠠᠨ ᠬᠥᠮᠦᠵᠢᠯ ᠂ ᠨᠠᠰᠤᠵᠢᠯ ᠤᠨ ᠠᠰᠠᠷᠠᠮᠵᠢ ᠂ | ᠡᠮ ᠡᠮᠨᠡᠯᠭᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠬᠥᠭᠵᠢᠯᠲᠡ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ | ᠭᠡᠵᠦ ᠴᠢᠬᠤᠯᠠᠴᠢᠯᠠᠪᠠ ᠃ | ᠬᠤᠷᠠᠯ ᠠᠴᠠ ᠪᠠᠰᠠ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ᠳᠤ ᠵᠠᠰᠠᠪᠤᠷᠢ ᠣᠷᠣᠭᠤᠯᠬᠤ ᠲᠥᠰᠥᠯ ᠂ ᠵᠠᠰᠠᠭ ᠤᠨ | ᠣᠷᠳᠣᠨ ᠤ ᠬᠡᠰᠡᠭ ᠳᠦᠷᠢᠮ ᠲᠣᠭᠲᠠᠭᠠᠯ ᠢ ᠬᠦᠴᠦᠨ ᠦᠭᠡᠢ ᠪᠤᠯᠭᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠯ ᠤᠨ | ᠲᠥᠰᠥᠯ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ︵ ᠲᠤᠷᠰᠢᠨ | ᠬᠡᠷᠡᠭᠵᠢᠭᠦᠯᠬᠦ ︶ ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠡᠵᠡᠩᠨᠡᠵᠦ ᠪᠡᠯᠡ ᠣᠷᠣᠭᠤᠯᠤᠭᠰᠠᠨ | ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠶᠢ ᠰᠤᠳᠤᠯᠪᠠ ᠃ | | | |