| ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 7 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 11 ᠰᠠᠷ᠎ᠠ ᠶᠢᠨ 7 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ︽ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠰᠠᠨᠠᠯ ︾ ᠂ ︽ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ | ᠳᠦᠷᠢᠮ ᠢ ᠴᠢᠨᠠᠭᠰᠢᠳᠠ ᠲᠡᠭᠦᠯᠳᠡᠷᠵᠢᠭᠦᠯᠬᠦ ᠲᠤᠬᠠᠢ ᠰᠠᠨᠠᠯ ︾ ᠂ ︽ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠲᠤᠬᠠᠢ ᠬᠡᠷᠡᠭᠵᠢᠭᠦᠯᠬᠦ ᠰᠠᠨᠠᠯ ︾ ᠂ ︽ ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠣᠷᠤᠯᠴᠠᠬᠤ ᠦᠶ᠋ᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ ︾ ᠂ ︽ ᠠᠮᠢ ᠠᠬᠤᠢ ᠣᠷᠴᠢᠨ | ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ ︾ ᠢ ᠬᠢᠨᠠᠨ ᠵᠥᠪᠯᠡᠵᠦ ᠪᠠᠲᠤᠯᠠᠪᠠ ᠃ | ᠰᠢ ᠶᠢᠨ ᠫᠢᠩ ᠬᠤᠷᠠᠯ ᠢ ᠡᠷᠭᠢᠯᠡᠭᠦ ᠳᠡᠭᠡᠨ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠬᠠᠷᠠᠯᠲᠠ ᠮᠥᠨ ᠂ 2035 ᠣᠨ ᠪᠤᠯᠬᠤ ᠳᠤ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠬᠦ ᠬᠠᠷᠠᠯᠲᠠ ᠶᠢ ᠣᠨᠢᠯᠠᠵᠤ ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ ᠂ ᠬᠥᠭᠵᠢᠯᠲᠡ ᠶᠢᠨ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ ᠂ ᠠᠮᠢ | ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ ᠂ ᠲᠣᠭᠲᠠᠪᠤᠷᠢᠲᠤ ᠴᠢᠨᠠᠷ ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠵᠦ ᠂ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠰᠠᠬᠢᠵᠤ ᠂ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ ᠂ ᠠᠮᠢ ᠠᠬᠤᠢ ᠣᠷᠴᠢᠨ ᠲᠣᠭᠤᠷᠢᠨ ᠤ ᠦᠨᠳᠦᠰᠦᠨ ᠰᠠᠶᠢᠵᠢᠷᠠᠯᠲᠠ ᠶᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ ᠃ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠣᠯ ᠤᠯᠤᠰ ᠤᠨ ᠲᠥᠰᠥᠪ ᠤᠨ ᠰᠢᠰᠲ᠋ᠧᠮ ᠤᠨ ᠴᠢᠬᠤᠯᠠ | ᠪᠦᠷᠢᠯᠳᠦᠭᠦᠨ ᠬᠡᠰᠡᠭ ᠮᠥᠨ ᠂ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠲᠡᠭᠦᠯᠳᠡᠷᠵᠢᠭᠦᠯᠵᠦ ᠂ ᠬᠡᠷᠡᠭᠵᠢᠭᠦᠯᠬᠦ | ᠬᠡᠪᠴᠢᠶ᠎ᠡ ᠶᠢ ᠥᠷᠭᠡᠳᠬᠡᠨ ᠂ ᠴᠢᠳᠠᠮᠵᠢ ᠦᠢᠯᠡᠳᠦᠯ ᠢ ᠴᠢᠩᠭᠠᠳᠬᠠᠵᠤ ᠂ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠂ ᠪᠡᠯᠡ ᠮᠥᠩᠭᠦ ᠶᠢᠨ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ | ᠲᠣᠭᠲᠠᠴᠠ ᠶᠢ ᠪᠦᠷᠢᠨᠰᠢᠭᠦᠯᠵᠦ ᠂ ᠳᠦᠷᠢᠮ ᠤᠨ ᠵᠢᠷᠤᠭ ᠲᠥᠯᠥᠪᠯᠡᠭᠡ ᠶᠢ ᠴᠢᠩᠭᠠᠳᠬᠠᠵᠤ ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ | ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠠᠶᠠᠨᠳᠠᠭᠠᠨ ᠭᠠᠭᠴᠠᠭᠠᠷ ᠡᠵᠡᠮᠰᠢᠬᠦ | ᠭᠤᠭᠴᠤᠭ᠎ᠠ ᠶᠢ ᠡᠵᠡᠮᠳᠡᠬᠦ ᠬᠦᠴᠦᠨ ᠢ ᠴᠢᠩᠭᠠᠳᠬᠠᠵᠤ ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠬᠤ ᠬᠡᠷᠡᠭᠴᠡᠭᠡ ᠶᠢ ᠨᠡᠩ | ᠰᠠᠶᠢᠲᠤᠷ ᠬᠠᠩᠭᠠᠵᠤ ᠂ ᠤᠯᠤᠰ ᠤᠨ ᠠᠮᠤᠷ ᠲᠦᠪᠰᠢᠨ ᠢ ᠨᠡᠩ ᠰᠠᠶᠢᠲᠤᠷ ᠪᠠᠲᠤᠯᠠᠬᠤ ᠬᠡᠷᠡᠭᠲᠡᠢ ᠃ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠨᠡᠩ ᠰᠠᠶᠢᠲᠤᠷ ᠦᠢᠯᠡᠴᠢᠯᠡᠬᠦ ᠪᠠ ᠲᠤᠯᠭᠠᠭᠤᠷᠢᠯᠠᠬᠤ ᠳᠤ ᠰᠠᠭᠤᠷᠢᠯᠠᠵᠤ ᠂ ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠣᠷᠤᠯᠴᠠᠬᠤ ᠦᠶ᠋ᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠪᠠᠶᠢᠭᠤᠯᠤᠮᠵᠢ ᠲᠣᠭᠲᠠᠴᠠ ᠶᠢ | ᠲᠡᠭᠦᠯᠳᠡᠷᠵᠢᠭᠦᠯᠵᠦ ᠂ ᠳᠡᠰ ᠳᠠᠷᠠᠭᠠᠯᠠᠯ ᠪᠠᠷᠢᠮᠵᠢᠶ᠎ᠠ ᠶᠢ ᠵᠢᠷᠤᠮᠵᠢᠭᠤᠯᠵᠤ ᠂ ᠪᠦᠭᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ ᠂ ᠬᠥᠮᠥᠨ ᠤ ᠴᠢᠳᠠᠪᠤᠷᠢ ᠶᠢ | ᠭᠦᠢᠴᠡᠳ ᠪᠠᠳᠠᠷᠠᠭᠤᠯᠤᠭᠰᠠᠨ ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠂ ᠰᠤᠷᠲᠠᠯ ᠴᠢᠬᠡᠴᠢ ᠣᠪᠣᠷ ᠲᠥᠪ ᠪᠦᠬᠦᠢ ᠲᠤᠰᠬᠠᠢ ᠮᠡᠷᠭᠡᠵᠢᠯᠲᠡᠨ ᠤ ᠤᠯᠠᠨ | ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠲᠡᠢ ᠃ ᠠᠮᠢ ᠠᠬᠤᠢ ᠣᠷᠴᠢᠨ ᠲᠣᠭᠤᠷᠢᠨ ᠢ | ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠨᠢ ᠠᠮᠢ ᠠᠬᠤᠢ ᠣᠷᠴᠢᠨ ᠲᠣᠭᠤᠷᠢᠨ ᠤ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠰᠢᠰᠲ᠋ᠧᠮ ᠳᠤ | ᠰᠠᠭᠤᠷᠢᠯᠠᠬᠤ ᠴᠢᠨᠠᠷᠲᠠᠢ ᠦᠢᠯᠡᠳᠦᠯ ᠲᠠᠢ ᠶᠤᠮ ᠂ ᠦᠵᠦ ᠲᠥᠯᠥᠪᠯᠡᠭᠡ ᠶᠢ ᠴᠢᠩᠭᠠᠳᠬᠠᠵᠤ ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ ᠂ ᠠᠮᠢ ᠠᠬᠤᠢ ᠶᠢᠨ | ᠦᠢᠯᠡᠳᠦᠯ ᠴᠢᠳᠠᠮᠵᠢ ᠶᠢ ᠪᠠᠲᠤᠯᠠᠬᠤ ᠪᠠ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠬᠠᠷᠠᠯᠲᠠ ᠪᠤᠯᠭᠠᠵᠤ ᠂ ᠠᠮᠢ ᠠᠬᠤᠢ ᠣᠷᠴᠢᠨ ᠲᠣᠭᠤᠷᠢᠨ ᠤ | ᠣᠷᠣᠨ ᠪᠦᠰᠡ ᠬᠤᠪᠢᠶᠠᠭᠰᠠᠨ ᠵᠦᠷᠢᠶᠡᠴᠢᠯᠡᠭᠰᠡᠨ ᠨᠠᠷᠢᠯᠢᠭ ᠣᠨᠣᠴᠠᠲᠠᠢ ᠬᠠᠮᠢᠶᠠᠷᠤᠨ ᠡᠵᠡᠮᠳᠡᠬᠦ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ ᠂ ᠸᠠᠩ ᠬᠤ᠋ ᠨᠢᠩ ᠂ ᠼᠠᠢ ᠴᠢ ᠬᠤᠷᠠᠯ ᠳᠤ ᠣᠷᠣᠯᠴᠠᠵᠠᠢ ᠃ | ᠬᠤᠷᠠᠯ ᠠᠴᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ | ᠣᠨᠣᠯ ᠠᠴᠠ ᠦᠢᠯᠡᠳᠦᠯᠭᠡ ᠳᠤ ᠭᠦᠷᠲᠡᠯ᠎ᠡ ᠴᠥᠮ ᠲᠡᠦᠬᠡᠲᠦ ᠴᠢᠨᠠᠷᠲᠠᠢ ᠂ ᠡᠷᠭᠢᠯᠲᠡ ᠶᠢᠨ ᠴᠢᠨᠠᠷᠲᠠᠢ ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠴᠠᠢ ᠂ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠡᠷᠡᠭᠴᠡᠭᠡ ᠂ ᠠᠷᠠᠳ ᠣᠯᠠᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠰᠢᠨ᠎ᠡ | ᠬᠦᠰᠡᠯ ᠪᠠᠷᠠᠯᠠᠯ ᠢ ᠦᠨᠳᠦᠰᠦᠯᠡᠵᠦ ᠂ ᠠᠮᠢ ᠠᠬᠤᠢ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ ᠂ ᠤᠷᠢᠳ ᠢᠶᠠᠷ ᠰᠦᠪᠡᠭᠴᠢᠯᠡᠵᠦ ᠵᠢᠱᠢᠶ᠎ᠡ | ᠦᠵᠡᠭᠦᠯᠦᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ ᠂ ᠪᠦᠭᠦ ᠠᠷᠠᠳ ᠤᠨ ᠠᠵᠢᠯᠯᠠᠭ᠎ᠠ ᠶᠢ ᠥᠷᠨᠢᠭᠦᠯᠵᠦ ᠂ ᠬᠡᠰᠡᠭ ᠲᠠᠯ᠎ᠠ ᠪᠠ ᠪᠦᠭᠦ ᠲᠠᠯ᠎ᠠ ᠶᠢ | ᠵᠣᠬᠢᠴᠠᠭᠤᠯᠬᠤ ᠂ ᠦᠩᠭᠡᠨ ᠲᠠᠯ᠎ᠠ ᠶᠢ ᠵᠠᠰᠠᠬᠤ ᠪᠠ ᠦᠨᠳᠦᠰᠦᠨ ᠠᠴᠠ ᠨᠢ ᠵᠠᠰᠠᠬᠤ ᠶᠢ ᠤᠶᠠᠯᠳᠤᠭᠤᠯᠬᠤ ᠂ ᠣᠳᠣᠬᠠᠨ ᠤ ᠪᠠ ᠠᠯᠤᠰ ᠭᠡᠳᠦ ᠶᠢ ᠤᠶᠠᠯᠳᠤᠭᠤᠯᠬᠤ ᠶᠢ | ᠠᠬᠢᠭᠤᠯᠬᠤ ᠬᠡᠷᠡᠭᠲᠡᠢ ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠦᠷᠦᠯ | ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ ᠂ ᠣᠷᠣᠨ ᠬᠤᠪᠢᠶᠠᠨ ᠵᠠᠰᠠᠵᠤ ᠂ ᠨᠠᠷᠢᠯᠢᠭᠵᠢᠭᠤᠯᠤᠨ ᠪᠦᠲᠦᠭᠡᠨ ᠪᠠᠶᠢᠭᠤᠯᠵᠤ ᠂ ᠠᠯᠢ ᠤᠯᠠᠨ ᠪᠣᠳᠠᠲᠠᠢ | ᠠᠵᠢᠯᠯᠠᠭ᠎ᠠ ᠪᠠᠷ ᠳᠠᠮᠵᠢᠭᠤᠯᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠬᠠᠷᠠᠯᠲᠠ ᠶᠢ ᠠᠯᠬᠤᠮ ᠠᠯᠬᠤᠮ ᠢᠶᠠᠷ ᠪᠣᠳᠠᠲᠤ ᠠᠬᠤᠢ ᠪᠣᠯᠭᠠᠨ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠲᠥᠰᠥᠪ ᠤᠨ ᠠᠵᠢᠯ ᠨᠢ ᠨᠠᠮ ᠪᠣᠯᠣᠨ ᠤᠯᠤᠰ ᠤᠨ ᠬᠦᠰᠡᠯ ᠵᠣᠷᠢᠯᠲᠠ ᠶᠢ ᠢᠯᠡᠷᠡᠭᠦᠯᠵᠦ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ ᠪᠠᠶᠢᠭᠤᠯᠤᠮᠵᠢ ᠶᠢᠨ ᠳᠠᠪᠠᠭᠤᠯᠢᠭ ᠢᠶᠠᠨ ᠪᠠᠳᠠᠷᠠᠭᠤᠯᠵᠤ ᠂ ᠤᠯᠤᠰ ᠤᠨ ᠥᠮᠴᠢᠯᠡᠯ ᠤᠨ | ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠳᠤ ᠲᠣᠬᠢᠷᠠᠭᠤᠯᠤᠯᠲᠠ ᠬᠢᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ | ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢ ᠤᠯᠤᠰ ᠤᠨ ᠠᠮᠤᠷ ᠲᠦᠪᠰᠢᠨ ᠂ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠳᠤ ᠬᠤᠯᠪᠣᠭᠳᠠᠬᠤ | ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠲᠡᠶᠢᠰᠢ ᠲᠥᠪᠯᠡᠷᠡᠭᠦᠯᠬᠦ ᠂ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ | ᠬᠤᠯᠪᠣᠭᠳᠠᠬᠤ ᠤᠯᠠᠨ ᠨᠡᠶᠢᠲᠡ ᠶᠢᠨ ᠦᠢᠯᠡᠴᠢᠯᠡᠭᠡ ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠦᠷᠢᠶ᠎ᠡ ᠴᠠᠷᠠᠭ᠎ᠠ | ᠵᠡᠷᠭᠡ ᠳᠤ ᠲᠥᠪᠯᠡᠷᠡᠭᠦᠯᠬᠦ ᠂ ᠪᠠᠷᠠᠯᠠᠯᠳᠤ ᠴᠢᠨᠠᠷᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠡᠶᠢᠰᠢ ᠲᠥᠪᠯᠡᠷᠡᠭᠦᠯᠬᠦ ᠶᠢ | ᠠᠬᠢᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ | ︽ ᠠᠷᠪᠢᠯᠠᠵᠤ ᠠᠮᠢᠳᠤᠷᠠᠬᠤ ︾ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ ᠂ ᠡᠳ᠋ ᠤᠨ ᠵᠠᠰᠠᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠬᠦ ᠪᠠ ᠵᠦᠢ ᠵᠣᠬᠢᠰᠲᠠᠢ ᠪᠠᠷ ᠬᠤᠪᠢᠶᠠᠷᠢᠯᠠᠬᠤ ᠶᠢ ᠴᠢᠩᠭᠠᠳᠬᠠᠵᠤ ᠂ ᠲᠥᠰᠥᠪ ᠤᠨ ᠣᠷᠣᠯᠭ᠎ᠠ ᠵᠠᠷᠤᠯᠭ᠎ᠠ ᠶᠢᠨ ᠬᠡᠪᠴᠢᠶ᠎ᠡ ᠶᠢ ᠵᠦᠢ ᠵᠣᠬᠢᠰᠲᠠᠢ ᠪᠠᠷ | ᠲᠣᠭᠲᠠᠭᠠᠵᠤ ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ ᠂ ᠱᠠᠯᠢᠨ ᠪᠦᠷᠢᠯᠭᠡᠵᠦ ᠰᠦᠢᠳᠬᠡᠬᠦ ᠵᠡᠷᠭᠡ ᠦᠵᠡᠭᠳᠡᠯ ᠢ | ᠡᠷᠡᠰ ᠬᠤᠷᠢᠭᠯᠠᠬᠤ ᠬᠡᠷᠡᠭᠲᠡᠢ ᠃ ᠲᠥᠰᠥᠪ ᠢ ᠬᠠᠤᠯᠢ ᠪᠠᠷ ᠲᠣᠭᠲᠠᠭᠠᠬᠤ ᠶᠢ ᠪᠠᠷᠢᠮᠲᠠᠯᠠᠵᠤ ᠂ ᠲᠥᠰᠥᠪ ᠤᠨ ᠬᠦᠯᠢᠶᠡᠰᠦᠯᠡᠯ ᠢ ᠴᠢᠩᠭᠠᠳᠬᠠᠵᠤ ᠂ ᠲᠥᠰᠥᠪ ᠢ | ᠠᠮᠵᠢᠯᠲᠠ ᠪᠦᠲᠦᠮᠵᠢ ᠪᠠᠷ ᠬᠠᠮᠢᠶᠠᠷᠬᠤ ᠶᠢ ᠠᠬᠢᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠴᠠᠭᠢᠯᠭᠠᠨ ᠬᠦᠴᠦ ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠂ ᠲᠡᠮᠦᠷ ᠵᠠᠮ ᠵᠡᠷᠭᠡ ᠠᠵᠢᠯ ᠲᠦᠷᠦᠯ ᠤᠨ ᠰᠦᠯᠵᠢᠶᠡᠨ ᠤ | ᠭᠤᠭᠴᠤᠭ᠎ᠠ ᠨᠢ ᠠᠶᠠᠨᠳᠠᠭᠠᠨ ᠭᠠᠭᠴᠠᠭᠠᠷ ᠡᠵᠡᠮᠰᠢᠬᠦ ᠰᠢᠨᠵᠢ ᠴᠢᠨᠠᠷ ᠲᠠᠢ ᠪᠠᠶᠢᠵᠤ ᠂ ᠮᠠᠨ ᠤ ᠤᠯᠤᠰ ᠤᠨ ᠤᠯᠤᠰ ᠤᠨ ᠥᠮᠴᠢᠯᠡᠯ ᠤᠨ ᠠᠵᠤ ᠠᠬᠤᠢ ᠶᠢᠨ | ᠪᠠᠶᠢᠷᠢᠰᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ᠎ᠠ ᠃ ᠬᠢᠨᠠᠨ ᠬᠠᠮᠢᠶᠠᠷᠬᠤ ᠳᠦᠷᠢᠮ ᠤᠨ ᠰᠢᠰᠲ᠋ᠧᠮ ᠢ ᠪᠦᠷᠢᠨᠰᠢᠭᠦᠯᠵᠦ ᠂ ᠬᠢᠨᠠᠨ ᠬᠠᠮᠢᠶᠠᠷᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠳᠤ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ | ᠲᠥᠯᠦᠪᠵᠢᠭᠦᠯᠭᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠭᠦᠢᠴᠡᠳᠬᠡᠬᠦ ᠂ ᠨᠡᠶᠢᠭᠡᠮ ᠤᠨ | ᠬᠠᠷᠢᠭᠤᠴᠠᠯᠭ᠎ᠠ ᠶᠢ ᠭᠦᠢᠴᠡᠳᠬᠡᠬᠦ ᠂ ᠡᠵᠡᠩᠨᠡᠯᠲᠡ ᠶᠢᠨ ᠬᠡᠪᠴᠢᠶ᠎ᠡ ᠪᠠ ᠡᠵᠡᠩᠨᠡᠯᠲᠡ ᠶᠢᠨ ᠦᠢᠯᠡ ᠠᠵᠢᠯᠯᠠᠭ᠎ᠠ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ | ᠭᠤᠣᠯᠳᠠᠯᠭ᠎ᠠ ᠲᠠᠢ ᠴᠢᠩᠭᠠᠳᠬᠠᠵᠤ ᠂ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠳᠤ ᠪᠠᠶᠢᠭ᠎ᠠ ᠠᠵᠤ ᠠᠬᠤᠶᠢᠯᠠᠯ ᠤᠨ ᠭᠤᠣᠯ ᠬᠠᠷᠢᠭᠤᠴᠠᠯᠭ᠎ᠠ ᠭᠤᠣᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠰᠦᠯᠵᠢᠶᠡᠨ ᠤ ᠭᠡᠯᠪᠡᠷᠢ ᠶᠢᠨ ᠰᠠᠭᠤᠷᠢ ᠲᠥᠬᠦᠭᠡᠷᠦᠮᠵᠢ ᠳᠠᠬᠢ | ᠣᠷᠣᠭᠤᠯᠤᠯᠲᠠ ᠶᠢ ᠨᠡᠮᠡᠭᠳᠡᠭᠦᠯᠬᠦ ᠶᠢ ᠠᠬᠢᠭᠤᠯᠵᠤ ᠂ ᠭᠤᠣᠯᠯᠠᠬᠤ ᠰᠦᠯᠵᠢᠶᠡᠨ ᠤ ᠠᠮᠤᠷ ᠲᠦᠪᠰᠢᠨ ᠤ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠃ | ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠭᠠᠭᠴᠠᠭᠠᠷ ᠡᠵᠡᠮᠰᠢᠬᠦ ᠴᠢᠨᠠᠷᠲᠠᠢ ᠲᠤᠬᠠᠶᠢᠯᠠᠭᠰᠠᠨ ᠠᠵᠢᠯ ᠪᠠ ᠥᠷᠢᠰᠦᠯᠳᠦᠬᠦ ᠴᠢᠨᠠᠷᠲᠠᠢ ᠲᠤᠬᠠᠶᠢᠯᠠᠭᠰᠠᠨ | ᠠᠵᠢᠯ ᠢ ᠥᠷᠨᠢᠭᠦᠯᠬᠦ ᠬᠦᠷᠢᠶ᠎ᠡ ᠬᠡᠪᠴᠢᠶ᠎ᠡ ᠶᠢ ᠬᠢᠨᠠᠨ ᠬᠠᠮᠢᠶᠠᠷᠴᠤ ᠂ ᠭᠠᠭᠴᠠᠭᠠᠷ ᠡᠵᠡᠮᠰᠢᠬᠦ ᠳᠠᠪᠠᠭᠤᠯᠢᠭ ᠢᠶᠠᠨ ᠠᠰᠢᠭᠯᠠᠨ ᠡᠬᠢᠨ ᠤ ᠪᠠ ᠡᠴᠦᠰ ᠤᠨ ᠬᠡᠯᠬᠢᠶ᠎ᠡ ᠶᠢᠨ | ᠥᠷᠢᠰᠦᠯᠳᠦᠬᠦ ᠴᠢᠨᠠᠷᠲᠠᠢ ᠭᠤᠭᠴᠤᠭ᠎ᠠ ᠲᠡᠶᠢᠰᠢ ᠤᠷᠲᠤᠳᠬᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠲᠤᠰᠬᠠᠢ ᠮᠡᠷᠭᠡᠵᠢᠯᠲᠡᠨ ᠪᠣᠯ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠴᠢᠬᠤᠯᠠ ᠤᠶᠤᠨ ᠤ ᠡᠬᠢ ᠪᠠᠶᠠᠯᠢᠭ ᠮᠥᠨ ᠂ ᠲᠤᠰᠬᠠᠢ | ᠮᠡᠷᠭᠡᠵᠢᠯᠲᠡᠨ ᠤ ᠡᠩᠨᠡᠭᠡ ᠶᠢᠨ ᠤᠯᠤᠰ ᠲᠦᠷᠦ ᠶᠢᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ ᠂ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠣᠷᠤᠯᠴᠠᠬᠤ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠪᠣᠯᠣᠨ ᠵᠣᠷᠢᠭᠵᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ ᠂ ᠲᠤᠰᠬᠠᠢ | ᠮᠡᠷᠭᠡᠵᠢᠯᠲᠡᠨ ᠤ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ ᠃ ᠲᠤᠰᠬᠠᠢ ᠮᠡᠷᠭᠡᠵᠢᠯᠲᠡᠨ ᠢ ᠰᠢᠯᠢᠨ ᠰᠣᠩᠭᠤᠬᠤ ᠠᠴᠠ | ᠠᠪᠤᠭᠠᠳ ᠬᠢᠨᠠᠨ ᠰᠢᠯᠭᠠᠵᠤ ᠬᠢᠨᠠᠯᠲᠠ ᠲᠠᠯᠪᠢᠬᠤ ᠬᠦᠷᠲᠡᠯᠡᠬᠢ ᠪᠦᠭᠦ ᠶᠠᠪᠤᠴᠠ ᠂ ᠪᠦᠭᠦ ᠬᠡᠯᠬᠢᠶᠡᠨ ᠤ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ | ᠪᠦᠷᠢᠨᠰᠢᠭᠦᠯᠵᠦ ᠂ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠳᠦᠷᠢᠮ ᠤᠨ ᠵᠢᠷᠤᠮᠵᠢᠯ ᠢ ᠬᠦᠷᠢᠶ᠎ᠡ | ᠴᠠᠷᠠᠭ᠎ᠠ ᠬᠤᠪᠢᠶᠠᠨ ᠲᠦᠷᠦᠯ ᠢᠯᠭᠠᠯ ᠬᠤᠪᠢᠶᠠᠨ ᠲᠡᠭᠦᠯᠳᠡᠷᠵᠢᠭᠦᠯᠵᠦ ᠂ ᠲᠤᠰᠬᠠᠢ ᠮᠡᠷᠭᠡᠵᠢᠯᠲᠡᠨ ᠤ ᠤᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠣᠷᠤᠯᠴᠠᠬᠤ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠂ ᠡᠷᠬᠡ ᠡᠭᠦᠷᠭᠡ ᠪᠣᠯᠣᠨ ᠬᠠᠷᠠᠭᠠᠯᠵᠠᠭᠰᠠᠨ ᠬᠠᠷᠢᠭᠤᠴᠠᠯᠭ᠎ᠠ ᠵᠡᠷᠭᠡ ᠶᠢ | ᠲᠣᠳᠣᠷᠬᠠᠶᠢᠯᠠᠵᠤ ᠂ ᠡᠳᠡᠭᠡᠷ ᠲᠤᠰᠬᠠᠢ ᠮᠡᠷᠭᠡᠵᠢᠯᠲᠡᠨ ᠤ ᠨᠠᠮ ᠪᠣᠯᠣᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠳᠤ ᠂ ᠭᠤᠣᠯ ᠴᠣᠭᠴᠠ ᠶᠢᠨ ᠴᠢᠳᠠᠮᠵᠢᠲᠤ | ᠣᠷᠣᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠣᠯᠣᠨ ᠬᠡᠷᠡᠭᠴᠡᠭᠡ ᠶᠢᠨ | ᠬᠠᠮᠢᠶᠠᠷᠤᠯᠲᠠ ᠶᠢᠨ ᠳᠦᠷᠢᠮ ᠢ ᠵᠣᠯᠭᠠᠭᠤᠯᠵᠤ ᠂ ᠣᠷᠣᠨ ᠪᠦᠰᠡ ᠶᠢᠨ ᠴᠢᠨᠠᠷᠲᠠᠢ ᠂ ᠰᠠᠪᠠ ᠭᠠᠵᠠᠷ ᠤᠨ ᠴᠢᠨᠠᠷᠲᠠᠢ ᠠᠮᠢ ᠠᠬᠤᠢ ᠣᠷᠴᠢᠨ ᠲᠣᠭᠤᠷᠢᠨ ᠤ ᠲᠣᠪᠤᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠲᠥᠰᠥᠯ ᠢ | ᠲᠡᠭᠦᠯᠳᠡᠷᠵᠢᠭᠦᠯᠵᠦ ᠂ ᠠᠰᠠᠭᠤᠳᠠᠯ ᠢ ᠢᠯᠭᠠᠨ ᠲᠠᠨᠢᠬᠤ ᠠᠴᠠ ᠰᠢᠢᠳᠪᠦᠷᠢᠯᠡᠬᠦ ᠲᠥᠰᠥᠯ ᠬᠦᠷᠲᠡᠯᠡᠬᠢ ᠣᠷᠣᠨ ᠬᠤᠪᠢᠶᠠᠨ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ | ᠠᠷᠭ᠎ᠠ ᠪᠣᠳᠣᠯᠭ᠎ᠠ ᠶᠢ ᠲᠣᠭᠲᠠᠭᠠᠬᠤ ᠬᠡᠷᠡᠭᠲᠡᠢ ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠵᠤ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ ᠢ ᠠᠰᠢᠭᠯᠠᠵᠤ ᠂ | ᠤᠯᠤᠰ ᠪᠣᠯᠣᠨ ᠣᠷᠣᠨ ᠨᠤᠲᠤᠭ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠦᠢᠯᠡᠴᠢᠯᠡᠵᠦ ᠂ ᠡᠯ᠎ᠡ ᠲᠥᠷᠥᠯ ᠤᠨ | ᠨᠡᠭᠡᠭᠡᠨ ᠬᠥᠭᠵᠢᠭᠦᠯᠵᠦ ᠬᠠᠮᠠᠭᠠᠯᠠᠬᠤ ᠪᠦᠲᠦᠭᠡᠨ ᠪᠠᠶᠢᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ ᠃ | | | |