| ᠠᠯᠠᠰᠢᠨ ᠬᠤᠨᠢ ᠢᠮᠠᠭᠠᠨ ᠤ ᠲᠡᠵᠢᠭᠡᠪᠦᠷᠢ ᠶᠢᠨ ᠪᠠᠷᠢᠮᠵᠢᠶᠠᠵᠢᠯᠲᠠ ᠂ ᠬᠡᠪᠴᠢᠶᠡᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠂ ᠡᠨᠡ ᠵᠢᠯ ᠂ | ᠵᠡᠭᠦᠨᠭᠠᠷ ᠬᠤᠰᠢᠭᠤ ᠠᠯᠠᠰᠢᠨ ᠬᠤᠨᠢ ᠢᠮᠠᠭ᠎ᠠ ᠶᠢ ᠥᠨᠳᠥᠷ ᠦᠷ᠎ᠡ ᠠᠰᠢᠭ ᠲᠠᠢ ᠦᠷᠡᠵᠢᠭᠦᠯᠬᠦ ᠮᠡᠷᠭᠡᠵᠢᠯ ᠪᠣᠯᠣᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ | ᠶᠡᠬᠡᠪᠡᠷ ᠠᠬᠢᠭᠤᠯᠵᠤ ᠂ ᠵᠠᠷᠢᠮ ᠰᠢᠶᠠᠩ ᠪᠠᠯᠭᠠᠰᠤᠨ ᠳᠤ ᠴᠢᠨᠠᠷ ᠰᠠᠶᠢᠲᠠᠢ ᠠᠯᠠᠰᠢᠨ ᠬᠤᠨᠢ ᠢᠮᠠᠭ᠎ᠠ ᠶᠢ ᠠᠳᠠᠯᠢ ᠬᠤᠭᠤᠴᠠᠭᠠᠨ ᠳᠤ ᠣᠷᠤᠭ᠎ᠠ ᠣᠷᠣᠭᠤᠯᠬᠤ ᠂ | ᠭᠠᠷ ᠢᠶᠠᠷ ᠦᠷ᠎ᠡ ᠲᠣᠭᠲᠠᠭᠠᠬᠤ ᠶᠢ ᠬᠡᠷᠡᠭᠵᠢᠭᠦᠯᠬᠦ ᠠᠵᠢᠯ ᠢ ᠥᠷᠨᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ᠂ ᠠᠯᠠᠰᠢᠨ ᠬᠤᠨᠢ ᠢᠮᠠᠭᠠᠨ ᠤ | ᠦᠢᠯᠡᠳᠪᠦᠷᠢᠯᠡᠯ ᠤᠨ ᠦᠷ᠎ᠡ ᠠᠰᠢᠭ ᠪᠣᠯᠣᠨ ᠴᠢᠨᠠᠷᠵᠢᠯ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠶᠢ ᠠᠬᠢᠭᠤᠯᠵᠤ ᠂ ᠠᠯᠠᠰᠢᠨ ᠬᠤᠨᠢ ᠢᠮᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ ᠃ | | | 10 ᠰᠠᠷ᠎ᠠ ᠶᠢᠨ 26 ᠤ ᠡᠳᠦᠷ ᠂ ᠱᠠᠬᠳᠠᠷ ᠪᠠᠯᠭᠠᠰᠤᠨ ᠳᠤ ᠪᠠᠶᠢᠭ᠎ᠠ ᠵᠡᠭᠦᠨᠭᠠᠷ ᠬᠤᠰᠢᠭᠤᠨ ᠤ ᠰᠡᠷᠭᠡ ᠢᠮᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠥᠪ ᠲᠤ ᠂ ᠬᠤᠲᠠ ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠮᠡᠷᠭᠡᠵᠢᠯᠲᠡᠨ ᠠᠴᠠ ᠲᠣᠰ ᠲᠥᠪ ᠤᠨ ᠠᠵᠢᠯᠲᠠᠨ ᠢ ᠵᠢᠭᠠᠨ | ᠵᠢᠯᠤᠭᠤᠳᠴᠤ ᠂ 120 ᠳᠦᠯᠵᠢᠬᠦ ᠡᠮ᠎ᠡ ᠢᠮᠠᠭᠠᠨ ᠳᠤ ᠪᠥᠭᠯᠡᠭᠡᠰᠦ ᠶᠢ ᠠᠮᠵᠢᠯᠲᠠᠲᠠᠢ ᠲᠠᠯᠪᠢᠭᠰᠠᠨ ᠪᠥᠭᠡᠳ ᠶᠠᠷᠢᠯᠴᠠᠬᠤ ᠬᠤᠷᠠᠯ ᠬᠢᠵᠦ ᠂ ᠲᠠᠷᠠᠭᠠᠴᠢ ᠶᠢᠨ ᠠᠵᠢᠯ ᠢ | ᠬᠡᠷᠬᠢᠨ ᠣᠨᠣᠪᠴᠢᠲᠠᠶ ᠮᠠᠭᠠᠳᠯᠠᠬᠤ ᠂ ᠴᠠᠭ ᠲᠤᠨᠢ ᠲᠣᠬᠢᠷᠠᠭᠤᠯᠤᠨ ᠭᠠᠷ ᠢᠶᠠᠷ ᠦᠷ᠎ᠡ ᠲᠣᠭᠲᠠᠭᠠᠬᠤ ᠵᠡᠷᠭᠡ ᠬᠤᠯᠪᠣᠭᠳᠠᠯ ᠪᠦᠬᠦᠢ ᠠᠵᠢᠯ ᠤᠨ ᠴᠢᠬᠤᠯᠠ | ᠵᠠᠩᠭᠢᠯᠠᠭ᠎ᠠ ᠶᠢᠨ ᠲᠠᠯ᠎ᠠ ᠪᠠᠷ ᠨᠠᠷᠢᠨ ᠲᠠᠶᠢᠯᠤᠮᠵᠢ ᠪᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ ᠃ ᠵᠢᠱᠢᠯᠲᠡ ᠪᠠᠷ ᠲᠣᠰ ᠪᠦᠯᠦᠭ ᠡᠮ᠎ᠡ ᠢᠮᠠᠭᠠᠨ ᠤ ᠢᠰᠢᠭᠡᠯᠡᠬᠦ ᠴᠠᠭ ᠨᠢ | 2024 ᠣᠨ ᠤ 4 ᠰᠠᠷ᠎ᠠ ᠳᠤ ᠪᠣᠯᠣᠨ᠎ᠠ ᠃ | | | ᠵᠡᠭᠦᠨᠭᠠᠷ ᠬᠤᠰᠢᠭᠤᠨ ᠤ ᠰᠡᠷᠭᠡ ᠢᠮᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ ᠬᠠᠷᠢᠭᠤᠴᠠᠯᠭᠠᠲᠠᠨ ᠸᠠᠩ ᠶᠢᠨ ᠶᠠᠨ ᠬᠡᠯᠡᠬᠦ ᠳᠡᠭᠡᠨ ᠄ ︽ ᠠᠳᠠᠯᠢ | ᠬᠤᠭᠤᠴᠠᠭᠠᠨ ᠳᠤ ᠣᠷᠤᠭ᠎ᠠ ᠣᠷᠣᠬᠤ ᠪᠣᠯ ᠨᠤᠤᠯᠤᠭᠤᠷ ᠤᠨ ᠢᠮᠠᠭᠠᠨ ᠤ ᠲᠥᠯᠯᠡᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠳᠣᠲᠣᠷᠠᠬᠢ ᠮᠠᠰᠢ ᠴᠢᠬᠤᠯᠠ | ᠨᠢᠭᠡ ᠭᠤᠭᠴᠤᠭ᠎ᠠ ᠮᠥᠨ ᠂ ᠡᠨᠡ ᠨᠢ ᠨᠤᠤᠯᠤᠭᠤᠷ ᠤᠨ ᠢᠮᠠᠭᠠᠨ ᠤ ᠴᠢᠨᠠᠷ ᠢ ᠳᠡᠭᠡᠭᠰᠢᠯᠡᠭᠦᠯᠵᠦ ᠪᠣᠯᠬᠤ ᠮᠥᠷᠲᠡᠭᠡᠨ ᠨᠤᠤᠯᠤᠭᠤᠷ ᠤᠨ ᠢᠮᠠᠭᠠᠨ ᠤ ᠲᠡᠵᠢᠭᠡᠨ | ᠦᠷᠡᠵᠢᠭᠦᠯᠬᠦ ᠥᠪᠡᠷ ᠤᠨ ᠥᠷᠲᠡᠭ ᠢ ᠴᠦ ᠪᠠᠭᠤᠷᠠᠭᠤᠯᠵᠤ ᠪᠣᠯᠣᠨ᠎ᠠ ᠃ ᠮᠠᠨ ᠤ ᠲᠥᠪ ᠲᠤ 700 ᠡᠮ᠎ᠡ ᠢᠮᠠᠭ᠎ᠠ ᠪᠣᠶ ᠂ ᠬᠡᠷᠪᠡ ᠡᠩ ᠤᠨ ᠭᠡᠭᠡᠯᠳᠦᠬᠦᠯᠭᠡ ᠬᠢᠬᠦ ᠳᠤ | 30 ᠬᠡᠭᠡᠯᠲᠦᠭᠦᠯᠭᠡ ᠶᠢᠨ ᠤᠬᠤᠨ᠎ᠠ ᠬᠡᠷᠡᠭᠰᠡᠨ᠎ᠡ ᠂ ᠬᠡᠷᠪᠡ ᠠᠳᠠᠯᠢ ᠬᠤᠭᠤᠴᠠᠭᠠᠨ ᠳᠤ ᠣᠷᠤᠭ᠎ᠠ ᠣᠷᠣᠬᠤ ᠳᠤ ᠭᠦᠷᠪᠡᠯ ᠂ ᠵᠥᠪᠬᠡᠨ 19 ᠤᠬᠤᠨ᠎ᠠ ᠪᠠᠶᠢᠪᠠᠯ | ᠪᠣᠯᠴᠢᠬᠠᠨ᠎ᠠ ᠂ ᠢᠩᠭᠢᠪᠡᠯ ᠡᠪᠡᠰᠦ ᠪᠣᠷᠳᠤᠭ᠎ᠠ ᠶᠢ ᠶᠡᠬᠡᠪᠡᠷ ᠪᠠᠭᠠᠰᠬᠠᠵᠤ ᠪᠣᠯᠣᠨ᠎ᠠ ᠃ ᠡᠭᠦᠨ ᠤ ᠬᠠᠮᠲᠤ ᠂ ᠡᠮ᠎ᠡ ᠬᠤᠨᠢ ᠢᠮᠠᠭᠠᠨ ᠤ ᠲᠥᠯᠯᠡᠬᠦ ᠴᠠᠭ ᠨᠢ ᠨᠢᠭᠡᠳᠦᠯᠲᠡᠢ | ᠪᠠᠶᠢᠵᠤ ᠂ ᠲᠡᠵᠢᠭᠡᠯ ᠪᠣᠷᠳᠤᠭ᠎ᠠ ᠶᠢᠨ ᠬᠠᠷᠢᠴᠠᠯ ᠤᠨ ᠲᠠᠯ᠎ᠠ ᠪᠠᠷ ᠪᠠᠰᠠ ᠪᠠᠷᠢᠮᠵᠢᠶᠠᠵᠢᠭᠤᠯᠤᠨ ᠠᠷᠠᠴᠢᠯᠠᠵᠤ ᠪᠣᠯᠣᠨ᠎ᠠ ᠃ ᠲᠠᠷᠠᠭᠠᠴᠢ ᠶᠢᠨ ᠠᠯᠬᠤᠮ ᠳᠤ ᠂ ᠪᠢᠳᠡ | ᠨᠤᠤᠯᠤᠭᠤᠷ ᠤᠨ ᠢᠮᠠᠭ᠎ᠠ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ ᠂ ᠬᠤᠶᠠᠷ ᠭᠤᠷᠪᠠᠨ ᠵᠢᠯ ᠤᠨ | ᠳᠣᠲᠣᠷ᠎ᠠ ᠲᠣᠰ ᠮᠡᠷᠭᠡᠵᠢᠯ ᠢ ᠪᠥᠬᠦ ᠬᠤᠰᠢᠭᠤᠨ ᠳᠤ ᠳᠡᠯᠭᠡᠷᠡᠭᠦᠯᠵᠦ ᠂ ᠮᠠᠯᠴᠢᠨ ᠲᠠᠷᠢᠶᠠᠴᠢᠨ ᠢ ᠬᠠᠪᠰᠤᠷᠤᠨ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠦᠨ᠎ᠡ ︾ ᠬᠡᠬᠦ ᠶᠤᠮ ᠃ | | | ᠵᠡᠭᠦᠨᠭᠠᠷ ᠬᠤᠰᠢᠭᠤᠨ ᠤ ᠠᠯᠠᠰᠢᠨ ᠬᠤᠨᠢ ᠢᠮᠠᠭᠠᠨ ᠤ ᠠᠳᠠᠯᠢ ᠬᠤᠭᠤᠴᠠᠭᠠᠨ ᠳᠤ ᠣᠷᠤᠭ᠎ᠠ ᠣᠷᠣᠬᠤ ᠂ ᠭᠠᠷ ᠢᠶᠠᠷ ᠦᠷ᠎ᠡ ᠲᠣᠭᠲᠠᠭᠠᠬᠤ ᠠᠵᠢᠯ ᠢ ᠵᠢᠱᠢᠶ᠎ᠡ | ᠦᠵᠡᠭᠦᠯᠦᠨ ᠳᠡᠯᠭᠡᠷᠡᠭᠦᠯᠬᠦ ᠳᠤ ᠂ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ | ᠳᠡᠯᠭᠡᠷᠡᠭᠦᠯᠦᠯᠲᠡ ᠶᠢᠨ ᠲᠥᠷᠥᠯ ᠵᠦᠢᠯ ᠢᠶᠠᠷ ᠲᠦᠰᠢᠭ ᠪᠣᠯᠭᠠᠵᠤ ᠂ ᠵᠡᠭᠦᠨᠭᠠᠷ ᠬᠤᠰᠢᠭᠤᠨ ᠤ ᠲᠥᠯ ᠳᠤᠰᠬᠤ ᠶᠢ ᠨᠢᠭᠡ ᠴᠣᠭᠴᠠᠵᠢᠭᠤᠯᠬᠤ ᠲᠥᠷᠥᠯ ᠵᠦᠢᠯ ᠲᠠᠢ | ᠤᠶᠠᠯᠳᠤᠭᠤᠯᠤᠨ ᠂ ᠲᠥᠪᠯᠡᠷᠡᠭᠦᠯᠦᠨ ᠬᠡᠭᠡᠯᠲᠦᠭᠦᠯᠬᠦ ᠂ ᠲᠥᠪᠯᠡᠷᠡᠭᠦᠯᠦᠨ ᠲᠥᠯᠯᠡᠬᠦ ᠂ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠵᠦ ᠂ ᠦᠢᠯᠡᠳᠪᠦᠷᠢᠯᠡᠯ ᠤᠨ ᠥᠪᠡᠷ ᠤᠨ | ᠥᠷᠲᠡᠭ ᠢ ᠪᠠᠭᠤᠷᠠᠭᠤᠯᠤᠨ ᠂ ᠬᠡᠪᠴᠢᠶᠡᠵᠢᠭᠦᠯᠦᠭᠰᠡᠨ ᠂ ᠡᠷᠴᠢᠮᠵᠢᠭᠦᠯᠦᠭᠰᠡᠨ ᠠᠯᠠᠰᠢᠨ ᠬᠤᠨᠢ ᠢᠮᠠᠭᠠᠨ ᠤ ᠦᠢᠯᠡᠳᠪᠦᠷᠢᠯᠡᠯ ᠢ ᠥᠷᠨᠢᠭᠦᠯᠵᠦ ᠂ ᠡᠭᠦᠯᠳᠡᠷ | ᠰᠠᠶᠢᠵᠢᠷᠠᠭᠤᠯᠬᠤ ᠶᠢ ᠲᠦᠷᠭᠡᠳᠬᠡᠨ ᠂ ᠠᠯᠠᠰᠢᠨ ᠬᠤᠨᠢ ᠢᠮᠠᠭᠠᠨ ᠤ ᠬᠡᠪᠴᠢᠶᠡᠵᠢᠭᠦᠯᠦᠭᠰᠡᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠢᠷᠢ ᠳᠦᠪᠰᠢᠨ ᠢ | ᠳᠡᠭᠡᠭᠰᠢᠯᠡᠭᠦᠯᠦᠨ᠎ᠡ ᠃ ᠣᠳᠣᠬᠠᠨ ᠪᠣᠯᠲᠠᠯ᠎ᠠ ᠂ ᠵᠡᠭᠦᠨᠭᠠᠷ ᠬᠤᠰᠢᠭᠤ ᠱᠠᠬᠳᠠᠷ ᠪᠠᠯᠭᠠᠰᠤ ᠂ ᠱᠢ ᠡᠯ ᠯᠢᠶᠠᠨ ᠴᠧᠩ ᠰᠢᠶᠠᠩ ᠳᠤ ᠨᠡᠶᠢᠳᠡ 270 ᠡᠮ᠎ᠡ ᠢᠮᠠᠭᠠᠨ ᠳᠤ | ᠠᠳᠠᠯᠢ ᠬᠤᠭᠤᠴᠠᠭᠠᠨ ᠳᠤ ᠣᠷᠤᠭ᠎ᠠ ᠣᠷᠣᠭᠤᠯᠬᠤ ᠭᠠᠷ ᠬᠡᠭᠡᠯᠲᠦᠭᠦᠯᠭᠡ ᠬᠢᠵᠡᠢ᠃ | | | ᠲᠠᠷᠠᠭᠠᠴᠢ ᠶᠢᠨ ᠠᠯᠬᠤᠮ ᠳᠤ ᠂ ᠵᠡᠭᠦᠨᠭᠠᠷ ᠬᠤᠰᠢᠭᠤ ᠠᠯᠠᠰᠢᠨ ᠬᠤᠨᠢ ᠢᠮᠠᠭᠠᠨ ᠤ ᠡᠭᠦᠯᠳᠡᠷ ᠪᠠ ᠥᠨᠳᠥᠷ ᠦᠷ᠎ᠡ ᠠᠰᠢᠭᠲᠤ ᠦᠷᠡᠵᠢᠯᠲᠡ ᠶᠢᠨ ᠢᠵᠢ | ᠪᠦᠷᠢᠳᠦᠭᠦᠯᠬᠦ ᠮᠡᠷᠭᠡᠵᠢᠯ ᠢᠶᠠᠷ ᠭᠤᠣᠯᠳᠠᠯᠭ᠎ᠠ ᠪᠣᠯᠭᠠᠭᠰᠠᠨ ᠴᠢᠨᠠᠷ ᠰᠠᠶᠢᠲᠠᠢ ᠠᠯᠠᠰᠢᠨ ᠬᠤᠨᠢ ᠢᠮᠠᠭᠠᠨ ᠤ ᠦᠷᠡᠵᠢᠯᠲᠡ ᠶᠢᠨ ᠮᠡᠷᠭᠡᠵᠢᠯ ᠤᠨ ᠰᠢᠰᠲ᠋ᠧᠮ ᠢ ᠪᠠᠶᠢᠭᠤᠯᠵᠤ ᠂ | 2025 ᠣᠨ ᠪᠣᠯᠬᠤ ᠳᠤ ᠠᠳᠠᠯᠢ ᠬᠤᠭᠤᠴᠠᠭᠠᠨ ᠳᠤ ᠣᠷᠤᠭ᠎ᠠ ᠣᠷᠣᠭᠤᠯᠬᠤ ᠮᠡᠷᠭᠡᠵᠢᠯ ᠢ ᠳᠦᠮᠡᠨ ᠳᠤᠯᠤᠭᠠᠢ ᠳᠡᠯᠭᠡᠷᠡᠭᠦᠯᠵᠦ ᠂ ᠮᠠᠨ ᠤ ᠬᠤᠰᠢᠭᠤᠨ ᠤ ᠬᠤᠨᠢ | ᠢᠮᠠᠭᠠᠨ ᠤ ᠲᠡᠵᠢᠭᠡᠨ ᠦᠷᠡᠵᠢᠭᠦᠯᠬᠦ ᠦᠢᠯᠡᠰ ᠢ ᠡᠷᠴᠢᠮᠵᠢᠭᠦᠯᠬᠦ ᠂ ᠬᠡᠪᠴᠢᠶᠡᠵᠢᠭᠦᠯᠬᠦ ᠂ ᠰᠠᠶᠢᠨ ᠡᠭᠦᠯᠳᠡᠷᠵᠢᠭᠦᠯᠬᠦ ᠂ ᠠᠵᠤ ᠦᠶᠢᠯᠡᠰᠵᠢᠭᠦᠯᠬᠦ ᠳᠡᠶᠢᠰᠢ ᠬᠥᠭᠵᠢᠭᠦᠯᠬᠦ ᠶᠢ | ᠠᠬᠢᠭᠤᠯᠤᠨ᠎ᠠ ᠃ | | | | |