| ᠣᠶᠢᠷ᠎ᠠ ᠳᠤ ᠂ ᠣᠷᠳᠣᠰ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ | ᠰᠢᠨ ᠶᠠ ᠪᠥᠬᠦ ᠬᠤᠰᠢᠭᠤᠨ ᠤ ᠠᠯᠪᠠᠨ ᠭᠡᠷ ᠤᠨ ᠠᠵᠢᠯ ᠳᠤ ᠴᠣᠬᠤᠯᠠᠪᠤᠷᠢ ᠥᠭᠪᠡ ᠄ ᠪᠥᠬᠦ ᠬᠤᠰᠢᠭᠤᠨ ᠤ ᠠᠯᠪᠠᠯᠠᠬᠤ ᠰᠢᠰᠲ᠋ᠧᠮ ᠤᠨ ᠬᠢᠨ ᠶᠡᠷᠦᠩᠬᠡᠢ ᠱᠦᠵᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠳᠤᠭᠤᠰᠢᠯᠠᠭᠤᠯᠵᠤ ᠂ ᠪᠥᠬᠦ ᠤᠯᠤᠰ ᠂ ᠪᠥᠬᠦ ᠣᠷᠣᠨ ᠂ ᠪᠥᠬᠦ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ | ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠰᠢᠨ᠎ᠡ ᠪᠠᠶᠢᠳᠠᠯ ᠳᠤ ᠪᠥᠬᠦ ᠲᠠᠯ᠎ᠠ ᠪᠠᠷ ᠵᠣᠬᠢᠴᠠᠵᠤ ᠂ ᠰᠢᠨ᠎ᠡ ᠥᠷᠢᠰᠦᠯᠳᠦᠭᠡᠨ ᠢ ᠪᠥᠬᠦ | ᠬᠦᠴᠦᠨ ᠢᠶᠠᠷ ᠢᠶᠠᠨ ᠤᠭᠲᠤᠵᠤ ᠂ ︽ ᠭᠤᠷᠪᠠ ᠳᠤ ᠦᠢᠯᠡᠴᠢᠯᠡᠬᠦ ︾ ᠠᠵᠢᠯ ᠤᠨ ᠳᠠᠬᠢᠨ ᠰᠢᠨ᠎ᠡ ᠲᠦᠪᠰᠢᠨ ᠳᠤ ᠬᠦᠷᠴᠦ ᠂ ᠬᠠᠮᠤᠭ ᠤᠨ ᠡᠮᠦᠨ᠎ᠡ ᠡᠩᠨᠡᠭᠡᠨ ᠳᠤ | ᠣᠷᠣᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ ᠬᠠᠮᠠᠭᠠᠯᠠᠵᠤ ᠂ ︽ᠬᠤᠶᠠᠷ ᠢ ᠬᠠᠮᠠᠭᠠᠯᠠᠬᠤ︾ ᠶᠢ ᠢᠮᠠᠭᠲᠠ ᠪᠡᠶᠡᠯᠡᠭᠦᠯᠬᠦ | ᠬᠡᠷᠡᠭᠲᠡᠢ ᠃ ᠪᠥᠬᠦ ᠲᠠᠯ᠎ᠠ ᠶᠢᠨ ᠦᠢᠯᠡᠴᠢᠯᠡᠭᠡᠨ ᠤ ᠲᠥᠪ ᠲᠤ ᠵᠣᠭᠰᠣᠬᠤ ᠶᠢ ᠪᠠᠷᠢᠮᠲᠠᠯᠠᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ | ᠤᠶᠠᠯᠳᠤᠭᠤᠯᠤᠨ ᠂ ︽ ᠭᠤᠷᠪᠠᠨ ᠳᠥᠷᠪᠡ ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ | ᠳᠦᠷᠤᠯ ᠤᠨ ᠠᠵᠢᠯ ᠦᠢᠯᠡᠰ ᠤᠨ ︽ ᠲᠦᠷᠭᠡᠨ ᠭᠦᠶᠦᠵᠦ ᠂ ᠲᠡᠷᠢᠭᠦᠨ ᠤ ᠬᠢ ᠪᠤᠯᠬᠤ ᠪᠠᠷ ᠲᠡᠮᠡᠴᠡᠨ ᠂ ᠬᠤᠪᠢ ᠨᠡᠮᠡᠷᠢ ᠦᠵᠡᠭᠦᠯᠬᠦ ︾ ᠶᠢ ᠠᠬᠢᠭᠤᠯᠵᠤ ᠂ ᠨᠠᠮ ᠤᠨ | ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠲᠠ ᠶᠢᠨ ᠨᠠᠮ ᠤᠨ ᠬᠤᠷᠢᠶ᠎ᠠ ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠤᠷᠤᠨᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ | ᠬᠠᠮᠤᠭ ᠤᠨ ᠰᠠᠶᠢᠨ ᠬᠢᠭᠰᠡᠨ ᠠᠵᠢᠯ ᠤᠨ ᠪᠠᠷᠢᠮᠵᠢᠶ᠎ᠠ ᠶᠢ ᠪᠠᠷᠢᠮᠲᠠᠯᠠᠵᠤ ᠂ ᠲᠤᠶᠢᠯ ᠤᠨ ᠬᠠᠷᠢᠭᠤᠴᠠᠯᠭ᠎ᠠ ᠲᠠᠢ ᠂ ᠲᠤᠶᠢᠯ ᠢᠶᠠᠷ ᠰᠡᠳᠬᠢᠯ ᠲᠠᠯᠪᠢᠳᠠᠭ ᠂ ᠲᠤᠶᠢᠯ ᠤᠨ | ᠨᠠᠷᠢᠨ ᠨᠢᠮᠪᠠᠢ ᠣᠪᠣᠷ ᠢᠶᠠᠷ ᠠᠵᠢᠯ ᠨᠢᠭᠡᠪᠦᠷᠢ ᠳᠤ ᠬᠠᠨᠳᠤᠵᠤ ᠂ ᠠᠯᠪᠠᠨ ᠪᠢᠴᠢᠭ ᠤᠨ ᠠᠵᠢᠯ ᠢ ᠬᠢᠬᠦ ᠳᠡᠭᠡᠨ ᠦᠨᠡᠨᠬᠦ ᠰᠠᠶᠢᠳᠤᠷ ᠪᠡᠶᠡᠯᠡᠬᠦᠯᠵᠤ ᠂ ᠠᠯᠪᠠᠨ ᠬᠤᠷᠠᠯ ᠢ | ᠬᠢᠬᠦ ᠳᠡᠭᠡᠨ ᠠᠯᠳᠠᠭ᠎ᠠ ᠪᠤᠷᠤᠭᠤ ᠦᠭᠡᠢ ᠨᠠᠷᠢᠨ ᠨᠢᠮᠪᠠᠢ ᠬᠢᠵᠦ ᠂ ᠠᠵᠢᠯ ᠶᠠᠪᠤᠳᠠᠯ ᠢ ᠬᠢᠬᠦ ᠳᠡᠭᠡᠨ ᠥ ᠰᠠᠪ ᠦᠭᠡᠢ ᠰᠠᠶᠢᠨ ᠬᠢᠵᠦ ᠂ ︽ ᠭᠤᠷᠪᠠᠨ ᠠᠷᠪᠢᠨ ᠭᠤᠷᠪᠠᠨ | ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠨᠡᠨ ᠬᠦ ᠰᠢᠢᠳᠪᠦᠷᠢᠯᠡᠵᠦ ᠂ ᠵᠠᠰᠠᠭ ᠤᠨ ᠶᠠᠪᠤᠳᠠᠯ ᠳᠤ ᠵᠦᠪᠯᠡᠭᠴᠢ ᠶᠢᠨ ᠳᠡᠮᠵᠢᠯᠭᠡ ᠶᠢ ᠦᠵᠡᠬᠦᠯᠤᠨ ᠂ | ᠨᠠᠶᠢᠳᠠᠪᠤᠷᠢᠵᠢᠭᠤᠯᠬᠤ ᠶᠢ ᠬᠡᠷᠡᠭᠵᠢᠭᠦᠯᠬᠦ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠯᠪᠠᠨ ᠭᠡᠷ ᠤᠨ ᠲᠣᠰ ᠪᠡᠶ᠎ᠡ ᠶᠢᠨ ᠪᠠᠶᠢᠭᠤᠯᠤᠯᠲᠠ ᠶᠢ ︽ | ᠭᠤᠷᠪᠠ ᠳᠤ ᠦᠢᠯᠡᠴᠢᠯᠡᠬᠦ ︾ ᠠᠵᠢᠯ ᠤᠨ ᠡᠬᠢᠨ ᠠᠴᠠ ᠨᠢ ᠳᠠᠭᠤᠰᠲᠠᠯ᠎ᠠ ᠳᠤᠭᠤᠰᠢᠯᠠᠭᠤᠯᠬᠤ ᠶᠢ ᠪᠠᠷᠢᠮᠲᠠᠯᠠᠵᠤ ᠂ ᠲᠡᠷᠢᠭᠦᠨ ᠤ ᠰᠤᠷᠲᠠᠯ ᠢᠶᠠᠷ ᠲᠡᠷᠢᠭᠦᠨ ᠤ ᠳᠦᠷᠢ | ᠲᠥᠷᠬᠦ ᠶᠢ ᠪᠣᠶ ᠪᠣᠯᠭᠠᠵᠤ ᠂ ᠴᠠᠭᠠᠷᠠᠭᠰᠠᠨ ᠴᠢᠳᠠᠪᠤᠷᠢ ᠪᠠᠷ ᠢᠶᠠᠨ ᠰᠢᠯᠭᠠᠷᠠᠭᠰᠠᠨ ᠠᠮᠵᠢᠯᠲᠠ ᠪᠦᠲᠦᠮᠵᠢ ᠭᠠᠷᠭᠠᠵᠤ ᠂ ᠨᠠᠮ ᠢ ᠰᠠᠨᠠᠭ᠎ᠠ ᠠᠮᠤᠷ ᠂ ᠠᠷᠠᠳ ᠲᠦᠮᠡᠨ ᠢ | ᠰᠡᠳᠬᠢᠯ ᠬᠠᠨᠤᠮᠵᠢᠲᠠᠶ ᠪᠣᠯᠭᠠᠭᠰᠠᠨ ᠵᠢᠱᠢᠶᠡᠴᠢ ᠪᠠᠶᠢᠭᠤᠯᠭ᠎ᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ ᠂ ᠣᠳᠣᠬᠢᠴᠢᠯᠠᠭᠰᠠᠨ ᠵᠡᠭᠦᠨᠭᠠᠷ ᠤᠨ ᠪᠦᠳᠤᠭᠡᠨ | ᠪᠠᠶᠢᠭᠤᠯᠤᠯᠲᠠ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ ᠃ | 11 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ ᠂ ᠪᠥᠬᠦ ᠬᠤᠰᠢᠭᠤᠨ ᠤ ᠨᠠᠷᠢᠨ ᠪᠢᠴᠢᠭᠡᠴᠢ ᠶᠢᠨ ᠠᠵᠢᠯ ᠵᠢᠴᠢ ᠠᠯᠪᠠᠯᠠᠬᠤ ᠰᠢᠰᠲ᠋ᠧᠮ ᠤᠨ | ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠪᠠ ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠪᠥᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠢᠦᠢ ᠵᠢᠶᠧ ᠬᠤᠷᠠᠯ ᠢ ᠡᠷᠭᠢᠯᠡᠪᠡ ᠃ ᠬᠤᠷᠠᠯ ᠠᠴᠠ ᠴᠢᠬᠤᠯᠠᠴᠢᠯᠠᠬᠤ ᠳᠠᠭᠠᠨ ᠂ | ᠤᠯᠤᠰ ᠲᠦᠷᠦ ᠶᠢᠨ ᠵᠣᠭᠰᠣᠴᠠ ᠪᠠᠨ ᠪᠠᠳᠤᠳᠬᠠᠨ ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠣᠨᠣᠪᠴᠢᠲᠠᠢ ᠡᠵᠡᠮᠰᠢᠵᠦ ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠡᠯ᠎ᠡ | ᠳᠦᠷᠤᠯ ᠤᠨ ᠠᠵᠢᠯ ᠦᠢᠯᠡᠰ ᠤᠨ ᠢᠮᠠᠭᠲᠠ ᠵᠥᠪ ᠴᠢᠭᠯᠡᠯ ᠢᠶᠠᠷ ᠡᠷᠡᠯᠬᠡᠭᠯᠡᠨ ᠤᠷᠤᠭᠰᠢᠯᠠᠬᠤ ᠶᠢ ᠪᠠᠲᠤᠯᠠᠬᠤ ᠬᠡᠷᠡᠭᠲᠡᠢ ᠃ ᠤᠯᠤᠰ ᠲᠦᠷᠦ ᠶᠢᠨ ᠬᠠᠷᠢᠭᠤᠴᠠᠯᠭ᠎ᠠ ᠪᠠᠨ | ᠴᠢᠩᠭᠠᠳᠬᠠᠵᠤ ᠂ ᠪᠦᠬᠦ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠪᠦᠬᠦ ᠲᠠᠯ᠎ᠠ ᠳᠤ ᠠᠭᠤᠰᠤᠯᠴᠠᠨ ᠂ ᠪᠦᠬᠦ ᠲᠠᠯ᠎ᠠ ᠳᠤ ᠦᠢᠯᠡᠴᠢᠯᠡᠵᠦ ᠂ ᠳᠤᠰᠢᠶᠠᠯ | ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠬᠤ ᠳᠤ ᠰᠠᠭᠤᠷᠢᠯᠠᠵᠤ ᠂ ᠵᠡᠭᠦᠨᠭᠠᠷ ᠤᠨ︽ᠰᠢᠨ᠎ᠡ ᠵᠠᠮ ᠢ ᠨᠡᠭᠡᠭᠡᠵᠦ᠂ ᠡᠮᠦᠨ᠎ᠡ ᠡᠩᠨᠡᠭᠡᠨ ᠳᠤ ᠤᠷᠤᠬᠤ︾ ᠳᠤ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠂ ︽ᠲᠦᠷᠭᠡᠨ᠂ ᠲᠣᠭᠲᠠᠭᠤᠨ᠂ ᠴᠢᠩᠭ᠎ᠠ ᠂ ᠣᠨᠣᠪᠴᠢᠲᠠᠢ ᠂ | ᠨᠠᠷᠢᠯᠢᠭ ᠂ ᠪᠣᠳᠠᠲᠠᠢ︾ ᠭᠡᠬᠦ ᠵᠢᠷᠭᠤᠭᠠᠨ ᠦᠰᠦᠭ ᠤᠨ ᠱᠠᠭᠠᠷᠳᠠᠯᠭ᠎ᠠ ᠪᠠᠷ ᠠᠵᠢᠯ ᠤᠨ ᠬᠦᠴᠦᠯᠡᠬᠦ ᠴᠡᠭ ᠪᠣᠯᠭᠠᠵᠤ ᠂ ᠵᠠᠯᠭᠠᠮᠵᠢᠯᠠᠨ ᠬᠥᠭᠵᠢᠭᠦᠯᠬᠦ ᠶᠠᠪᠤᠴᠠ ᠳᠤ | ᠴᠢᠨᠠᠷᠵᠢᠯ ᠦᠷ᠎ᠡ ᠠᠰᠢᠭ ᠢ ᠳᠡᠭᠡᠭᠰᠢᠯᠡᠭᠦᠯᠵᠦ ᠂ ᠦᠨᠡᠨᠬᠦ ︽ ᠪᠠᠲᠤ ᠴᠢᠩᠭ᠎ᠠ ᠡᠮᠦᠨ᠎ᠡ ᠬᠠᠷᠠᠭᠤᠯ ︾ ᠪᠣᠯᠣᠨ︽ ᠠᠷᠤ ᠬᠦᠷᠢᠶ᠎ᠡ ᠪᠠᠨ ᠪᠠᠬᠢᠵᠢᠭᠦᠯᠦᠭᠴᠢ ︾ ᠪᠤᠯᠬᠤ | ᠬᠡᠷᠡᠭᠲᠡᠢ ᠃ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠂ ᠴᠢᠳᠠᠪᠤᠷᠢ ᠶᠢ ᠳᠡᠭᠡᠭᠰᠢᠯᠡᠭᠦᠯᠬᠦ ᠂ | ᠡᠷᠴᠢ ᠵᠣᠷᠢᠭ ᠢ ᠬᠥᠭᠵᠢᠭᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠤᠨᠢᠨ ᠳᠡᠭᠡᠷ᠎ᠡ ᠨᠢ ᠬᠦᠴᠦᠯᠡᠵᠦ᠂ ᠪᠦᠬᠦ ᠬᠤᠰᠢᠭᠤᠨ ᠤ ᠨᠠᠮ ᠵᠠᠰᠠᠭ ᠤᠨ | ᠪᠠᠶᠢᠭᠤᠯᠭ᠎ᠠ ᠶᠢᠨ ᠳᠤᠮᠳᠠ ᠬᠠᠮᠤᠭ ᠤᠨ ᠡᠮᠦᠨ᠎ᠡ ᠨᠢ ᠶᠠᠪᠤᠵᠤ ᠂ ︽ ᠬᠤᠰᠢᠭᠤᠴᠢ ︾ ᠪᠣᠯᠬᠤ ᠪᠠᠷ ᠴᠢᠷᠮᠠᠶᠢᠬᠤ ᠬᠡᠷᠡᠭᠲᠡᠢ ᠭᠡᠪᠠ ᠃ | | | | | |