| ᠣᠶᠢᠷ᠎ᠠ ᠶᠢᠨ ᠡᠳᠦᠷ ᠤᠳ ᠲᠤ ᠂ ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢᠳᠡᠪᠬᠢᠲᠡᠢ ᠪᠠᠷ ᠲᠣᠬᠢᠷᠠᠭᠤᠯᠤᠨ ᠪᠠᠶᠢᠷᠢᠯᠠᠭᠤᠯᠵᠤ ᠂ | ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠣᠳᠣᠬᠠᠨ ᠤ ᠨᠢᠭᠡᠨ ᠴᠢᠬᠤᠯᠠ ᠠᠷᠠᠳ ᠤᠨ ᠠᠮᠢᠳᠤᠷᠠᠯ ᠤᠨ | ᠢᠨᠵᠧᠨᠧᠷᠢᠩ ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠠᠳᠬᠤᠵᠤ ᠂ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠲᠠᠷᠬᠠᠭᠠᠬᠤ ᠠᠵᠢᠯ ᠢ ᠬᠦᠴᠦᠯᠡᠨ | ᠰᠠᠶᠢᠲᠤᠷ ᠬᠢᠵᠦ ᠂ ᠥᠷᠭᠡᠨ ᠣᠯᠠᠨ ᠮᠠᠯᠴᠢᠨ ᠲᠠᠷᠢᠶᠠᠴᠢᠨ ᠤ ᠳᠤᠯᠠᠭᠠᠨ ᠳᠠᠪᠠᠳᠠᠢ ᠡᠪᠦᠯᠵᠢᠬᠦ ᠶᠢ ᠦᠨᠡᠨ ᠬᠦ ᠪᠠᠲᠤᠯᠠᠵᠤ ᠪᠠᠶᠢᠨ᠎ᠠ ᠃ | | ᠵᠡᠭᠦᠨᠭᠠᠷ ᠬᠤᠰᠢᠭᠤᠨ ᠤ ᠯᠠᠨ ᠲᠢᠶᠠᠨ ᠵᠡᠭᠡᠯᠢ ᠭᠤᠳᠤᠮᠵᠢ ᠳᠤ ᠂ ᠮᠠᠯᠴᠢᠨ ᠲᠠᠷᠢᠶᠠᠴᠢᠨ ᠤ ︽ᠰᠡᠳᠬᠢᠯ ᠢ ᠳᠤᠯᠠᠭᠠᠴᠠᠭᠤᠯᠬᠤ ᠨᠡᠭᠦᠷᠡᠰᠦ︾ ᠶᠢ ᠵᠥᠭᠡᠭᠡᠪᠦᠷᠢᠯᠡᠬᠦ ᠳᠤ | ᠲᠦᠭᠦᠮ ᠦᠵᠡᠭᠦᠯᠬᠦ ᠶᠢᠨ ᠳᠤᠰᠠᠳᠠ ᠂ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠳᠠᠭᠠᠨ 4 ᠲᠠᠷᠬᠠᠭᠠᠯᠲᠠ ᠶᠢᠨ ᠴᠡᠭ ᠲᠣᠬᠢᠷᠠᠭᠤᠯᠪᠠ ᠃ ᠲᠠᠷᠬᠠᠭᠠᠯᠲᠠ ᠶᠢᠨ | ᠲᠤᠬᠠᠢ ᠶᠢᠨ ᠲᠠᠯᠠᠪᠠᠢ ᠳᠤ ᠂ ᠮᠠᠯᠴᠢᠨ ᠲᠠᠷᠢᠶᠠᠴᠢᠨ ᠥᠪᠡᠷ ᠤᠨ ᠢᠶᠠᠨ ᠪᠠᠭ᠎ᠠ ᠠᠴᠢᠶᠠᠨ ᠤ ᠮᠠᠰᠢᠨ᠂ ᠭᠤᠷᠪᠠᠨ ᠬᠦᠷᠳᠦᠲᠦ ᠲᠡᠷᠭᠡ ᠪᠠᠨ ᠵᠢᠯᠣᠭᠤᠳᠤᠨ ᠡᠩ ᠤᠨ | ᠦᠨ᠎ᠡ ᠶᠢᠨ ᠨᠡᠭᠦᠷᠡᠰᠦ ᠪᠠᠨ ᠠᠪᠬᠤ ᠪᠠᠷ ᠢᠷᠡᠵᠠᠭᠡᠨᠠ ᠃ ᠪᠦᠬᠦ᠋ᠢᠯᠡ ᠶᠠᠪᠤᠴᠠ ᠨᠢ ᠡᠮᠬᠢ ᠳᠢᠭᠯᠢᠮ ᠲᠠᠢ ᠪᠠᠶᠢᠵᠤ ᠂ ᠳᠠᠩᠰᠠᠯᠠᠬᠤ ᠂ ᠨᠡᠭᠦᠷᠡᠰᠦ ᠰᠠᠪᠠᠯᠠᠬᠤ ᠂ ᠵᠢᠩᠯᠡᠬᠦ ᠂ | ᠭᠠᠷ ᠤᠨ ᠦᠰᠦᠭ ᠵᠢᠷᠤᠬᠤ ᠵᠡᠷᠭᠡ ᠶᠠᠪᠤᠴᠠ ᠪᠠᠷ ᠳᠠᠮᠵᠢᠵᠤ ᠂ ᠨᠡᠭᠦᠷᠡᠰᠦ ᠲᠡᠭᠡᠭᠡᠭᠰᠡᠨ ᠮᠠᠰᠢᠨ ᠲᠡᠷᠭᠡ ᠨᠦᠭᠦᠳ ᠨᠢ ᠠᠴᠢᠶ᠎ᠠ ᠳᠦᠭᠦᠷᠡᠩ ᠪᠤᠴᠠᠵᠤ ᠶᠠᠪᠤᠵᠠᠭᠠᠨ᠎ᠠ᠃ | | ᠯᠠᠨ ᠲᠢᠶᠠᠨ ᠵᠡᠭᠡᠯᠢ ᠭᠤᠳᠤᠮᠵᠢ ᠶᠢᠨ ᠵᠢᠶᠠ ᠵᠢᠶᠠ ᠸᠠᠨ ᠨᠡᠶᠢᠭᠡᠮ ᠲᠣᠭᠤᠷᠢᠭ ᠤᠨ ᠶᠤᠸᠠᠨ ᠵᠠᠨ ᠲᠢᠶᠠᠨ ᠤ ᠭᠡᠷ ᠲᠤ ᠂ ᠨᠡᠭᠦᠷᠡᠰᠦ ᠳᠠᠳᠠᠬᠰᠠᠨ ᠭᠤᠷᠪᠠᠨ | ᠬᠦᠷᠳᠦᠲᠦ ᠲᠡᠷᠭᠡ ᠡᠭᠦᠳᠡᠨ ᠳᠡᠭᠡᠷ᠎ᠡ ᠨᠢ ᠢᠷᠡᠵᠤ ᠵᠣᠭᠰᠣᠨ ᠂ ᠨᠡᠭᠦᠷᠡᠰᠦ ᠶᠢ ᠪᠠᠭᠤᠯᠭᠠᠵᠤ ᠪᠠᠷᠠᠭᠰᠠᠨ ᠤ ᠳᠠᠷᠠᠭ᠎ᠠ ᠂ ᠶᠤᠸᠠᠨ ᠵᠠᠨ ᠲᠢᠶᠠᠨ ᠰᠠᠶ᠋ᠢᠬᠠᠨ ᠲᠠᠲᠠᠵᠤ | ᠠᠪᠴᠢᠷᠠᠭᠰᠠᠨ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠪᠠᠨ ᠵᠤᠤᠬᠠᠨ ᠳᠤ ᠬᠢᠵᠤ ᠤᠷᠤᠭᠤᠯᠤᠨ᠎ᠠ ᠂ ᠵᠤᠤᠬᠠᠨ ᠳᠠᠬᠢ ᠭᠠᠯ ᠨᠢ ᠤᠯᠠᠮ ᠠᠴᠠ ᠤᠯᠠᠮ ᠪᠠᠳᠠᠷᠠᠵᠤ | ᠪᠠᠶᠢᠬᠤ ᠶᠢ ᠬᠠᠷᠠᠭᠠᠳ ᠲᠡᠭᠦᠨ ᠤ ᠰᠡᠳᠬᠢᠯ ᠳᠤ ᠴᠤ ᠤᠯᠠᠮ ᠳᠤᠯᠠᠭᠠᠬᠠᠨ ᠰᠠᠨᠠᠭᠳᠠᠨ᠎ᠠ᠃ | ︽ ᠣᠳᠣᠬᠠᠨ ᠳᠤ ᠨᠠᠮ ᠤᠨ ᠲᠥᠷᠥ ᠶᠢᠨ ᠪᠣᠳᠣᠯᠭ᠎ᠠ ᠰᠠᠶᠢᠨ ᠪᠠᠶᠢᠨ᠎ᠠ ᠂ ᠵᠠᠰᠠᠭ ᠤᠨ ᠣᠷᠳᠣᠨ ᠠᠴᠠ ᠦᠭᠬᠦᠭᠰᠡᠨ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠨᠢ | ᠪᠢᠳᠡᠨ ᠢ ᠪᠠᠰᠠ ᠯᠠ ᠪᠠᠶᠠᠷ ᠬᠥᠷ ᠲᠠᠢ ᠪᠠᠷ ᠡᠪᠦᠯ ᠢ ᠥᠩᠭᠡᠷᠡᠭᠦᠯᠬᠦ ᠪᠣᠯᠭᠠᠵᠠᠢ ︾ ᠭᠡᠵᠦ ᠶᠤᠸᠠᠨ ᠵᠠᠨ ᠲᠢᠶᠠᠨ ᠶᠠᠷᠢᠨ᠎ᠠ᠃ | | ᠣᠶᠢᠯᠠᠭᠠᠭᠰᠠᠨ ᠢᠶᠠᠷ ᠂ ᠵᠡᠭᠦᠨᠭᠠᠷ ᠬᠤᠰᠢᠭᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ | ᠠᠵᠢᠯ ᠤᠨ ᠲᠤᠬᠠᠢ ᠥᠪᠡᠷᠲᠡᠭᠡᠨ ᠵᠠᠰᠠᠬᠤ ᠣᠷᠣᠨ ᠪᠣᠯᠣᠨ ᠣᠷᠳᠣᠰ ᠬᠤᠲᠠ ᠶᠢᠨ ᠱᠠᠭᠠᠷᠳᠠᠯᠭ᠎ᠠ ᠶᠢ ᠲᠡᠷᠡ ᠳᠠᠷᠤᠢ ᠳᠤᠨᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ︽ ᠣᠯᠠᠨ ᠲᠦᠮᠡᠨ ᠳᠤ ᠠᠰᠢᠭ ᠬᠦᠷᠲᠡᠭᠡᠵᠦ ᠂ ᠰᠠᠶᠢᠨ ᠶᠠᠪᠤᠳᠠᠯ ᠢ ᠰᠠᠶᠢᠲᠤᠷ ᠬᠢᠬᠦ ︾ ᠵᠠᠷᠴᠢᠮ ᠢ ᠪᠠᠷᠢᠮᠲᠠᠯᠠᠨ ᠂ ᠬᠤᠳᠠᠯᠳᠤᠨ ᠠᠪᠴᠤ ᠬᠠᠩᠭᠠᠬᠤ ᠂ ᠪᠣᠷᠣᠯᠠᠭᠤᠯᠵᠤ | ᠲᠣᠬᠢᠷᠠᠭᠤᠯᠤᠨ ᠬᠦᠷᠭᠡᠬᠦ ᠂ ᠦᠨ᠎ᠡ ᠬᠠᠩᠰᠢ ᠶᠢ ᠬᠢᠨᠠᠨ ᠬᠠᠮᠢᠶᠠᠷᠬᠤ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠵᠦ ᠂ ᠪᠠᠲᠤᠯᠠᠭ᠎ᠠ ᠶᠢᠨ ᠠᠵᠢᠯ ᠤᠨ ᠳᠤᠮᠳᠠ ᠢᠯᠡᠷᠡᠭᠰᠡᠨ | ᠪᠠᠴᠢᠮᠳᠠᠵᠤ ᠳᠦᠪᠡᠭᠳᠡᠵᠤ ᠪᠠᠶᠢᠭ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠦ ᠂ ︽ ᠰᠡᠳᠬᠢᠯ ᠢ ᠳᠤᠯᠠᠭᠠᠴᠠᠭᠤᠯᠬᠤ ᠨᠡᠭᠦᠷᠡᠰᠦ ︾ ᠂ ︽ ᠡᠩ ᠤᠨ ᠦᠨ᠎ᠡ ᠶᠢᠨ | ᠨᠡᠭᠦᠷᠡᠰᠦ ︾ ᠶᠢᠨ ᠲᠦᠷᠭᠡᠨ ᠪᠠᠲᠤᠯᠠᠭ᠎ᠠ ᠲᠠᠢ ᠪᠤᠯᠭᠠᠬᠤ ᠶᠢ ᠪᠦᠲᠦᠮᠵᠢᠲᠡᠶ ᠠᠬᠢᠭᠤᠯᠵᠤ ᠂ ᠣᠯᠠᠨ ᠲᠦᠮᠡᠨ ᠢ ᠡᠪᠦᠯ ᠢ ᠳᠤᠯᠠᠭᠠᠨ ᠥᠩᠭᠡᠷᠡᠭᠦᠯᠬᠦ ᠪᠤᠯᠤᠬᠰᠠᠨ ᠪᠠᠶᠢᠨ᠎ᠠ ᠃ | ︽ ︿ᠰᠡᠳᠬᠢᠯ ᠢ ᠳᠤᠯᠠᠭᠠᠴᠠᠭᠤᠯᠬᠤ ᠨᠡᠭᠦᠷᠡᠰᠦ﹀ ᠬᠠᠩᠭᠠᠵᠤ ᠤᠯᠠᠨ ᠲᠦᠮᠡᠨ ᠢ ᠡᠪᠦᠯ ᠢ ᠳᠤᠯᠠᠭᠠᠬᠠᠨ ᠥᠩᠭᠡᠷᠡᠭᠦᠯᠬᠦ ᠪᠣᠯ ᠡᠭᠦᠷᠭᠡ ᠮᠥᠷᠲᠡᠭᠡᠨ ᠬᠠᠷᠢᠭᠤᠴᠠᠯᠭ᠎ᠠ | ᠮᠥᠨ᠃ ᠮᠠᠨ ᠤ ᠨᠡᠭᠦᠷᠡᠰᠦᠨ ᠠᠭᠤᠷᠬᠠᠢ ᠶᠢᠨ ᠬᠢᠨ ᠬᠤᠰᠢᠭᠤᠨ ᠤ ᠵᠠᠰᠠᠭ ᠤᠨ ᠣᠷᠳᠣᠨ ᠤ ︿ ᠰᠡᠳᠬᠢᠯ ᠢ ᠳᠤᠯᠠᠭᠠᠴᠠᠭᠤᠯᠬᠤ ᠨᠡᠭᠦᠷᠡᠰᠦ ﹀ ᠶᠢᠨ | ᠬᠤᠪᠢᠶᠠᠷᠢᠯᠠᠯᠲᠠ ᠶᠢᠨ ᠲᠥᠰᠥᠯ ᠢ ᠴᠢᠩᠭ᠎ᠠ ᠨᠠᠶᠢᠳᠠᠪᠤᠷᠢᠵᠢᠭᠤᠯᠵᠤ ᠂ ᠡᠨᠡ ᠵᠢᠯ ᠯᠠᠠ ᠲᠢᠶᠠᠨ ᠵᠡᠭᠡᠯᠢ ᠭᠤᠳᠤᠮᠵᠢ ᠪᠠ ᠶᠢᠤ ᠢ ᠵᠡᠭᠡᠯᠢ ᠭᠤᠳᠤᠮᠵᠢ ᠶᠢᠨ 2714 | ᠲᠣᠨ ᠤ ᠬᠠᠩᠭᠠᠯᠭ᠎ᠠ ᠶᠢ ᠪᠠᠲᠤᠯᠠᠬᠤ ᠨᠡᠬᠦᠷᠡᠰᠤᠨ ᠤ ᠡᠭᠦᠷᠭᠡ ᠶᠢ ᠡᠭᠦᠷᠭᠡᠯᠡᠵᠦ ᠪᠠᠶᠢᠨ᠎ᠠ ᠃ ᠡᠭᠦᠷᠭᠡ ᠬᠦᠯᠢᠶᠡᠭᠰᠡᠨ ᠤ ᠳᠠᠷᠠᠭ᠎ᠠ ᠂ ᠲᠤᠰᠬᠠᠢ ᠬᠥᠮᠥᠨ ᠲᠣᠮᠢᠯᠠᠨ | ᠲᠤᠬᠠᠢ ᠶᠢᠨ ᠳᠠᠯᠠᠪᠠᠢ ᠳᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ ᠂ ᠪᠣᠬᠢᠷᠲᠤᠯ ᠦᠭᠡᠢ ᠠᠴᠢᠶᠠᠯᠠᠨ ᠲᠡᠭᠡᠭᠡᠪᠦᠷᠢᠯᠡᠬᠦ ᠵᠠᠮ ᠢ ᠨᠡᠭᠡᠭᠡᠵᠦ ᠂ ᠴᠢᠨᠠᠷ ᠪᠠ | ᠲᠤᠭ᠎ᠠ ᠬᠡᠮᠵᠢᠶ᠎ᠡ ᠶᠢ ᠪᠠᠲᠤᠯᠠᠨ ᠂ ᠬᠠᠮᠤᠭ ᠤᠨ ᠰᠠᠶᠢᠨ ᠨᠡᠭᠦᠷᠡᠰᠦ ᠶᠢ ᠮᠠᠯᠴᠢᠨ ᠲᠠᠷᠢᠶᠠᠴᠢᠨ ᠤ ᠭᠠᠷ ᠲᠤ ᠬᠦᠷᠭᠡᠵᠦ ᠂ ᠲᠡᠳᠡᠨ ᠢ ᠳᠤᠯᠠᠭᠠᠨ ᠳᠠᠪᠠᠳᠠᠢ ᠡᠪᠦᠯᠵᠢᠭᠦᠯᠤᠨᠠ ︾ | ᠭᠡᠵᠦ ᠵᠡᠭᠦᠨᠭᠠᠷ ᠬᠤᠰᠢᠭᠤᠨ ᠤ ᠶᠢᠨ ᠵᠧᠩ ᠲᠠᠢ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠠᠩ ᠰᠠᠢ ᠶᠠᠷᠢᠨ᠎ᠠ ᠃ | | | | |