| ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 30 ᠤ ᠴᠠᠭᠢᠯᠭᠠᠨ ᠮᠡᠳᠡᠭᠡ 12 ᠰᠠᠷ᠎ᠠ ᠶᠢᠨ 1 ᠤ ᠡᠳᠦᠷ ᠬᠡᠪᠯᠡᠭᠳᠡᠬᠦ 23 ᠳ᠋ᠤᠭᠠᠷ ᠬᠤᠭᠤᠴᠠᠭᠠᠨ ᠤ | ︽ ᠦᠨᠡᠨ ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ | ᠠᠰᠢᠭᠯᠠᠬᠤ ᠶᠢ ᠰᠠᠶᠢᠲᠤᠷ ᠠᠳᠬᠤᠬᠤ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ | ᠵᠣᠬᠢᠶᠠᠯ ᠳᠤ ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠨᠵᠡᠭᠡᠢ ᠲᠠᠨᠢᠬᠤ ᠬᠡᠷᠡᠭᠲᠡᠢ ᠃ ᠠᠮᠤ | ᠪᠤᠳᠠᠭᠠᠨ ᠤ ᠠᠮᠤᠷ ᠲᠦᠪᠰᠢᠨ ᠪᠣᠯ ︽ ᠤᠯᠤᠰ ᠤᠨ ᠶᠡᠭᠡ ᠶᠠᠪᠤᠳᠠᠯ ︾ ᠮᠥᠨ ᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ | ᠮᠥᠨ ᠃ ᠮᠠᠨ ᠤ ᠨᠠᠮ ᠲᠠᠷᠢᠶᠠᠨ ᠭᠠᠵᠠᠷ ᠢ ᠬᠠᠮᠠᠭᠠᠯᠠᠬᠤ ᠠᠰᠠᠭᠤᠳᠠᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠠᠯᠢ ᠤᠯᠠᠨ ᠬᠠᠲᠠᠭᠤ ᠠᠷᠭ᠎ᠠ ᠬᠡᠮᠵᠢᠶ᠎ᠡ ᠶᠢ ᠤᠷᠢᠳ ᠬᠤᠵᠢᠳ ᠬᠡᠷᠡᠭᠵᠢᠭᠦᠯᠵᠦ ᠂ ᠲᠠᠷᠢᠶᠠᠨ | ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ ᠂ ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠦᠷᠭᠦᠯᠵᠢᠯᠡᠨ ᠪᠠᠭᠤᠷᠠᠬᠤ ᠬᠠᠨᠳᠤᠰᠢ ᠶᠢ ᠠᠩᠬ᠎ᠠ ᠠᠯᠬᠤᠮ | ᠬᠤᠷᠢᠭᠯᠠᠪᠠ ᠃ ᠡᠭᠦᠨ ᠤ ᠬᠠᠮᠲᠤ ᠂ ᠮᠠᠨ ᠤ ᠤᠯᠤᠰ ᠤᠨ ᠬᠥᠮᠥᠨ ᠣᠯᠠᠨ ᠲᠠᠷᠢᠶᠠᠨ ᠭᠠᠵᠠᠷ ᠪᠠᠭ᠎ᠠ ᠪᠠᠶᠢᠭ᠎ᠠ ᠤᠯᠤᠰ ᠤᠨ ᠪᠠᠶᠢᠳᠠᠯ ᠬᠤᠪᠢᠷᠠᠭᠰᠠᠨ ᠦᠭᠡᠢ ᠂ ᠲᠠᠷᠢᠶᠠᠨ | ᠭᠠᠵᠠᠷ ᠢ ︽ ᠲᠠᠷᠢᠶᠠᠯᠠᠩ ᠤᠨ ᠪᠤᠰᠤ ᠪᠤᠯᠭᠠᠬᠤ ︾ ᠂ ︽ ᠠᠮᠤ ᠪᠤᠳᠠᠭᠠᠨ ᠤ ᠪᠤᠰᠤ ᠪᠤᠯᠭᠠᠬᠤ ︾ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ ᠂ ᠲᠠᠷᠢᠶᠠᠨ ᠭᠠᠵᠠᠷ ᠤᠨ | ᠤᠯᠠᠭᠠᠨ ᠱᠤᠭᠤᠮ ᠢ ᠪᠠᠲᠤ ᠰᠠᠬᠢᠬᠤ ᠰᠠᠭᠤᠷᠢ ᠶᠢ ᠬᠠᠷᠠᠬᠠᠨ ᠪᠠᠲᠤᠯᠠᠵᠤ ᠴᠢᠳᠠᠭᠠᠳᠤᠢ ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠠᠯ᠎ᠠ ᠪᠠᠷ ᠬᠢ ᠥᠷᠢ | ᠰᠢᠷᠢ ᠮᠠᠰᠢ ᠣᠯᠠᠨ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ ᠃ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ | ᠬᠥᠩᠭᠡᠷᠡᠭᠰᠡᠨ ᠦᠭᠡᠢ ᠂ ᠬᠠᠷᠢᠨ ᠨᠡᠩ ᠪᠡᠷᠬᠡ ᠬᠠᠲᠠᠭᠤᠵᠢᠯᠲᠠᠢ ᠪᠣᠯᠵᠠᠢ ᠭᠡᠵᠦ ᠴᠢᠬᠤᠯᠠᠴᠢᠯᠠᠪᠠ ᠃ | ᠵᠣᠬᠢᠶᠠᠯ ᠳᠤ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠶᠡᠷᠦᠩᠬᠡᠢ ᠰᠡᠳᠬᠢᠮᠵᠢ ᠪᠠ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ ᠃ | ᠵᠣᠬᠢᠶᠠᠯ ᠳᠤ ᠂ ᠲᠠᠷᠢᠶᠠᠨ ᠭᠠᠵᠠᠷ ᠤᠨ ᠬᠠᠮᠠᠭᠠᠯᠠᠯᠲᠠ ᠪᠣᠯ ᠰᠢᠰᠲ᠋ᠧᠮᠲᠦ ᠢᠨᠵᠧᠨᠧᠷᠢᠩ ᠮᠥᠨ ᠂ ᠣᠳᠣᠬᠠᠨ ᠳᠤ ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ | ᠴᠢᠬᠤᠯᠠᠴᠢᠯᠠᠬᠤ ᠂ ᠬᠠᠤᠯᠢ ᠬᠡᠷᠡᠭᠵᠢᠭᠦᠯᠦᠯᠲᠡ ᠶᠢ ᠴᠢᠩᠳᠠᠯᠠᠬᠤ ᠂ ᠰᠢᠰᠲ᠋ᠧᠮ ᠲᠠᠢ ᠠᠬᠢᠭᠤᠯᠬᠤ ᠂ ᠡᠭᠦᠷᠢᠳᠡ ᠦᠷᠭᠦᠯᠵᠢᠯᠡᠨ ᠠᠰᠢᠭᠯᠠᠬᠤ ᠵᠡᠷᠭᠡ ᠴᠢᠬᠤᠯᠠ ᠶᠡᠭᠡ | ᠱᠠᠭᠠᠷᠳᠠᠯᠭ᠎ᠠ ᠶᠢ ᠲᠣᠪᠤᠶᠢᠯᠭᠠᠨ ᠰᠠᠶᠢᠲᠤᠷ ᠡᠵᠡᠮᠳᠡᠬᠦ ᠬᠡᠷᠡᠭᠲᠡᠢ ᠭᠡᠵᠦ ᠳᠤᠷᠠᠳᠪᠠ ᠃ ᠵᠣᠬᠢᠶᠠᠯ ᠳᠤ ᠂ ᠲᠠᠷᠢᠶᠠᠨ ᠭᠠᠵᠠᠷ ᠡᠨᠡ ᠬᠦ ᠠᠮᠢᠨ ᠰᠤᠳᠠᠰᠤ ᠶᠢ ᠪᠠᠲᠤ | ᠰᠠᠬᠢᠬᠤ ᠳᠤ ᠡᠷᠬᠡᠪᠰᠢ ᠬᠡᠳᠦᠨ ᠵᠠᠩᠭᠢᠯᠠᠭ᠎ᠠ ᠶᠢᠨ ᠪᠣᠳᠠᠲᠠᠢ ᠠᠷᠭ᠎ᠠ ᠪᠠᠶᠢᠬᠤ ᠬᠡᠷᠡᠭᠲᠡᠢ ᠃ ᠨᠢᠭᠡ ᠳᠤ ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ ᠬᠡᠷᠡᠭᠲᠡᠢ ᠃ ᠰᠢᠨ᠎ᠡ ᠨᠢᠭᠡ ᠡᠭᠡᠯᠵᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠨᠢᠭᠡᠨᠲᠡ ᠡᠯ᠎ᠡ | ᠭᠠᠵᠠᠷ ᠤᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠲᠣᠳᠣᠷᠬᠠᠢ ᠲᠣᠭᠲᠠᠭᠠᠭᠰᠠᠨ ᠪᠥᠭᠡᠳ ᠪᠣᠳᠠᠲᠠᠢ ᠳᠤ | ᠨᠠᠶᠢᠳᠠᠪᠤᠷᠢᠵᠢᠭᠤᠯᠵᠤ ᠵᠢᠷᠤᠭ ᠲᠥᠯᠥᠪᠯᠡᠭᠡ ᠶᠢ ᠪᠡᠶᠡᠯᠡᠭᠦᠯᠪᠡ ᠃ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠬᠠᠷᠢᠭᠤᠴᠠᠯᠭ᠎ᠠ ᠪᠠᠨ ᠪᠠᠲᠤ | ᠡᠭᠦᠷᠭᠡᠯᠡᠵᠦ ᠂ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠶᠠᠭᠠᠬᠢᠭᠰᠠᠨ ᠴᠤ ᠡᠪᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ | ᠬᠤᠶᠠᠷ ᠲᠤ ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠭᠦ ᠬᠡᠷᠡᠭᠲᠡᠢ ᠃ 15.46 ᠳ᠋ᠦᠩᠰᠢᠭᠤᠷ ᠮᠦ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠦᠨᠡᠨ ᠬᠦ ᠲᠠᠷᠢᠶᠠᠯᠠᠬᠤ ᠳᠤ ᠲᠣᠬᠢᠷᠠᠮᠵᠢᠲᠠᠢ ᠪᠥᠭᠡᠳ ᠭᠠᠩᠳᠠᠵᠤ ᠤᠰᠤᠲᠤᠬᠰᠠᠨ ᠴᠤ ᠬᠤᠷᠢᠶᠠᠯᠲᠠ ᠶᠢ ᠪᠠᠲᠤᠯᠠᠵᠤ ᠴᠢᠳᠠᠬᠤ ᠂ | ᠥᠨᠳᠥᠷ ᠤᠨᠠᠯᠳᠠ ᠲᠠᠢ ᠤᠨᠠᠯᠳᠠ ᠲᠣᠭᠲᠠᠭᠤᠨ ᠪᠠᠶᠢᠬᠤ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠃ ᠲᠠᠷᠢᠶᠠᠨ | ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠬᠠᠤᠯᠢ ᠶᠢ ᠲᠣᠭᠲᠠᠭᠠᠬᠤ ᠶᠢ ᠲᠦᠷᠭᠡᠳᠬᠡᠵᠦ ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠵᠦ ᠂ ᠭᠦᠴᠢᠯᠵᠢᠭᠰᠡᠨ ᠵᠡᠷᠭᠡ ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠶᠢ ᠴᠢᠩᠭᠠᠳᠬᠠᠵᠤ ᠂ ᠲᠠᠷᠢᠶᠠᠨ ᠭᠠᠵᠠᠷ ᠤᠨ ᠣᠷᠭᠠᠨᠢᠭ ᠢᠶᠠᠷ ᠶᠠᠰᠤ ᠴᠢᠨᠠᠷ ᠢ | ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ ᠃ ᠭᠤᠷᠪᠠ ᠳᠤ ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠳᠦᠷᠢᠮ ᠢ | ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠢ ᠃ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠡᠯ᠎ᠡ ᠲᠥᠷᠥᠯ ᠤᠨ ᠠᠵᠢᠯᠯᠠᠭ᠎ᠠ ᠶᠢ ᠡᠵᠡᠯᠡᠬᠦ ᠪᠠ ᠨᠥᠬᠦᠪᠦᠷᠢᠯᠡᠬᠦ ᠶᠢ | ᠲᠡᠩᠴᠡᠭᠦᠷᠢᠲᠡᠢ ᠬᠠᠮᠢᠶᠠᠷᠬᠤ ᠳᠤ ᠨᠢᠭᠡᠳᠦᠯᠲᠡᠢ ᠣᠷᠣᠭᠤᠯᠬᠤ ᠬᠡᠷᠡᠭᠲᠡᠢ ᠃ ᠲᠠᠷᠢᠶᠠᠨ ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠳᠦᠷᠢᠮ ᠢ ᠨᠥᠬᠦᠪᠦᠷᠢᠯᠡᠨ | ᠲᠡᠭᠦᠯᠳᠡᠷᠵᠢᠭᠦᠯᠬᠦ ᠬᠡᠷᠡᠭᠲᠡᠢ ᠃ ᠳᠥᠷᠪᠡ ᠳᠤ ᠂ ᠲᠠᠷᠢᠶᠠᠴᠢᠳ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠠᠮᠤ ᠪᠤᠳᠠᠭ᠎ᠠ | ᠲᠠᠷᠢᠬᠤ ᠠᠮᠤ ᠪᠤᠳᠠᠭ᠎ᠠ ᠶᠢ ᠴᠢᠬᠤᠯᠠᠴᠢᠯᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ ᠃ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠤᠨ ᠠᠰᠢᠭ ᠣᠷᠣᠯᠭ᠎ᠠ ᠶᠢ | ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠃ ᠤᠯᠠᠨ ᠵᠦᠢᠯ ᠤᠨ ᠭᠡᠯᠪᠡᠷᠢ ᠶᠢᠨ ᠲᠠᠷᠢᠶᠠᠯᠠᠩ ᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ | ᠬᠡᠷᠡᠭᠲᠡᠢ ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ ᠂ ᠠᠮᠤ ᠪᠤᠳᠠᠭᠠᠨ ᠤ | ᠭᠤᠣᠯ ᠭᠠᠷᠤᠯᠲᠠ ᠶᠢᠨ ᠣᠷᠣᠨ ᠂ ᠭᠤᠣᠯ ᠪᠣᠷᠤᠯᠠᠭᠤᠯᠭ᠎ᠠ ᠶᠢᠨ ᠣᠷᠣᠨ ᠂ ᠦᠢᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠪᠠᠶᠢᠬᠤ ᠣᠷᠣᠨ ᠤ ᠲᠠᠷᠢᠶᠠᠨ ᠭᠠᠵᠠᠷ ᠢ | ᠬᠠᠮᠠᠭᠠᠯᠠᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠠᠲᠠᠷᠰᠢᠭᠰᠠᠨ ᠭᠠᠵᠠᠷ ᠢ ᠵᠠᠰᠠᠬᠤ ᠶᠢ ᠴᠢᠩᠭᠠᠳᠬᠠᠵᠤ ᠂ ᠰᠠᠭᠤᠷᠢ ᠲᠤᠭ᠎ᠠ ᠶᠢ ᠲᠦᠢᠯᠪᠤᠷᠢᠲᠠᠢ | ᠲᠣᠳᠣᠷᠬᠠᠢ ᠣᠶᠢᠯᠠᠭᠠᠵᠤ ᠂ ᠠᠲᠠᠷᠰᠢᠭᠰᠠᠨ ᠭᠠᠵᠠᠷ ᠢ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠬᠤ ᠬᠡᠷᠡᠭᠲᠡᠢ ᠃ ᠲᠠᠪᠤ ᠳᠤ ᠂ ᠡᠯ᠎ᠡ ᠲᠥᠷᠥᠯ ᠤᠨ ᠤᠯᠠᠮᠵᠢᠯᠠᠯᠲᠤ | ᠪᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠬᠦ ᠬᠡᠷᠡᠭᠲᠡᠢ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠤᠨ | ᠨᠡᠭᠡᠭᠡᠬᠦ ᠪᠠ ᠦᠢᠯᠡᠳᠪᠦᠷᠢᠯᠡᠬᠦ ᠳᠠᠬᠢ ᠪᠡᠯᠡ ᠣᠷᠣᠭᠤᠯᠤᠯᠲᠠ ᠶᠢ ᠴᠢᠩᠭᠠᠳᠬᠠᠵᠤ ᠂ ᠪᠦᠲᠦᠮᠵᠢᠲᠡᠢ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ ᠂ ︽ ᠲᠠᠷᠢᠶᠠᠨ | ᠭᠠᠵᠠᠷ ᠤᠨ ᠠᠮᠤ ᠪᠤᠳᠠᠭ᠎ᠠ ᠦᠢᠯᠡᠳᠪᠦᠷᠢᠯᠡᠬᠦ ᠴᠢᠳᠠᠪᠤᠷᠢ ᠶᠢ ᠪᠠᠲᠤᠯᠠᠬᠤ ︾ ᠪᠠ ︽ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ︾ ᠶᠢ | ᠤᠶᠠᠯᠳᠤᠭᠤᠯᠵᠤ ᠂ ᠡᠯ᠎ᠡ ᠲᠦᠷᠦᠯ ᠤᠨ ᠤᠯᠠᠮᠵᠢᠯᠠᠯᠲᠤ ᠪᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ ᠠᠰᠢᠭᠯᠠᠨ ᠲᠠᠷᠢᠶᠠᠯᠠᠩ ᠤᠨ ᠦᠢᠯᠡᠳᠪᠦᠷᠢᠯᠡᠯ ᠬᠢᠬᠦ ᠬᠡᠷᠡᠭᠲᠡᠢ ᠃ | ᠲᠠᠷᠢᠶᠠᠨ ᠭᠠᠵᠠᠷ ᠢ ᠬᠠᠮᠠᠭᠠᠯᠠᠬᠤ ᠳᠤ ᠬᠠᠤᠯᠢ ᠶᠢ ᠴᠢᠩᠭ᠎ᠠ ᠬᠡᠷᠡᠭᠵᠢᠭᠦᠯᠬᠦ ᠬᠡᠷᠡᠭᠲᠡᠢ ᠂ ᠭᠡᠪᠡᠴᠦ ᠵᠥᠪ ᠪᠤᠷᠤᠭᠤ ᠶᠢ ᠢᠯᠭᠠᠬᠤ ᠦᠭᠡᠢ ᠂ ᠠᠬᠢᠨ ᠳᠠᠭᠢᠨ | ᠬᠤᠪᠢᠷᠠᠭᠤᠯᠵᠤ ᠪᠤᠯᠬᠤ ᠦᠭᠡᠢ ᠃ ᠦᠨᠡᠨ ᠠᠴᠠ ᠵᠥᠪ ᠢ ᠡᠷᠢᠵᠦ ᠂ ᠵᠢᠮ᠎ᠡ ᠶᠣᠰᠣ ᠶᠢ ᠭᠦᠨᠳᠦᠳᠭᠡᠵᠦ ᠂ ᠲᠠᠷᠢᠶᠠᠴᠢᠳ ᠤᠨ ᠠᠰᠢᠭ ᠲᠤᠰᠠ ᠶᠢ ᠬᠠᠮᠠᠭᠠᠯᠠᠵᠤ ᠂ | ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ ᠂ ᠰᠢᠯᠵᠢᠯᠲᠡ ᠶᠢᠨ ᠬᠤᠭᠤᠴᠠᠭ᠎ᠠ ᠶᠢ ᠵᠣᠬᠢᠰᠲᠠᠢ ᠦᠯᠡᠳᠡᠭᠡᠵᠦ ᠂ ᠠᠯᠬᠤᠮ ᠲᠠᠷᠠᠭ᠎ᠠ ᠲᠠᠢ ᠪᠠᠷ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | ᠵᠣᠬᠢᠶᠠᠯ ᠳᠤ ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ ᠰᠠᠶᠢᠲᠤᠷ ᠠᠳᠬᠤᠬᠤ ᠬᠡᠷᠡᠭᠲᠡᠢ ᠃ ᠬᠤᠵᠢᠷᠯᠢᠭ ᠭᠠᠵᠠᠷ ᠢ ᠶᠡᠷᠦᠩᠬᠡᠶᠢᠯᠡᠨ | ᠥᠭᠡᠷᠡᠴᠢᠯᠡᠵᠦ ᠠᠰᠢᠭᠯᠠᠬᠤ ᠪᠣᠯ ᠲᠠᠷᠢᠶᠠᠨ ᠭᠠᠵᠠᠷ ᠢ ᠬᠠᠮᠠᠭᠠᠯᠠᠬᠤ ᠪᠠ ᠰᠠᠶᠢᠵᠢᠷᠠᠭᠤᠯᠬᠤ ᠶᠢᠨ ᠴᠢᠬᠤᠯᠠ ᠲᠠᠯ᠎ᠠ ᠪᠣᠯᠣᠨ᠎ᠠ ᠃ ᠮᠠᠨ ᠤ ᠤᠯᠤᠰ ᠤᠨ ᠬᠤᠵᠢᠷᠯᠢᠭ | ᠭᠠᠵᠠᠷ ᠤᠯᠠᠨ ᠂ ᠬᠡᠰᠡᠭ ᠭᠠᠵᠠᠷ ᠣᠷᠣᠨ ᠤ ᠲᠠᠷᠢᠶᠠᠨ ᠭᠠᠵᠠᠷ ᠤᠨ ᠬᠤᠵᠢᠷᠰᠢᠬᠤ ᠬᠠᠨᠳᠤᠰᠢ ᠰᠢᠷᠦᠭᠦᠰᠴᠦ ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ | ᠠᠰᠢᠭᠯᠠᠬᠤ ᠶᠢ ᠥᠷᠨᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠃ ᠬᠤᠵᠢᠷᠯᠢᠭ ᠭᠠᠵᠠᠷ ᠢ ᠨᠡᠭᠡᠭᠡᠨ ᠠᠰᠢᠭᠯᠠᠬᠤ ᠳᠠᠯᠳᠠ ᠬᠦᠴᠦᠨ ᠢ ᠭᠦᠢᠴᠡᠳ | ᠠᠭᠤᠳᠠᠯᠵᠤ ᠂ ᠣᠲᠣ ᠶᠢᠨ ᠪᠠᠶᠢᠭ᠎ᠠ ᠬᠤᠵᠢᠷᠯᠢᠭ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠶᠢ ᠴᠢᠩᠭᠠᠳᠬᠠᠵᠤ ᠂ ᠲᠠᠷᠢᠶᠠᠨ ᠭᠠᠵᠠᠷ ᠤᠨ ᠬᠤᠵᠢᠷᠰᠢᠬᠤ | ᠬᠠᠨᠳᠤᠰᠢ ᠶᠢ ᠪᠦᠲᠦᠮᠵᠢᠲᠡᠶ ᠬᠤᠷᠢᠭᠯᠠᠵᠤ ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠣᠨ ᠵᠠᠢ ᠶᠢ ᠲᠣᠭᠲᠠᠭᠤᠨ ᠢᠶᠠᠷ ᠥᠷᠭᠡᠳᠬᠡᠵᠦ ᠂ ᠲᠠᠷᠢᠶᠠᠯᠠᠩ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠂ ᠬᠤᠵᠢᠷᠯᠢᠭ ᠭᠠᠵᠠᠷ ᠤᠨ ᠣᠨᠴᠠᠯᠢᠭᠲᠤ ᠲᠠᠷᠢᠶᠠᠯᠠᠩ ᠤᠨ ᠠᠵᠢᠯ ᠢ ᠰᠠᠶᠢᠲᠤᠷ ᠬᠢᠬᠦ | ᠬᠡᠷᠡᠭᠲᠡᠢ ᠃ ᠬᠡᠳᠦᠨ ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ ᠄ ᠨᠢᠭᠡ ᠳᠤ ᠂ ᠬᠤᠵᠢᠷᠯᠢᠭ ᠭᠠᠵᠠᠷ ᠤᠨ ᠡᠬᠢ ᠪᠠᠶᠠᠯᠢᠭ ᠤᠨ | ᠪᠠᠶᠢᠳᠠᠯ ᠢ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ ᠂ ᠰᠠᠭᠤᠷᠢ ᠠᠵᠢᠯ ᠢ ᠯᠠᠪᠳᠠᠭᠤᠨ ᠪᠠᠲᠤᠲᠠᠢ ᠬᠢᠬᠦ ᠬᠡᠷᠡᠭᠲᠡᠢ ᠃ ᠬᠤᠶᠠᠷ ᠲᠤ ᠂ ᠦᠵᠦ ᠲᠥᠯᠥᠪᠯᠡᠭᠡ ᠶᠢ | ᠰᠠᠶᠢᠲᠤᠷ ᠬᠢᠵᠦ ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠡᠷᠦᠩᠬᠡᠢ ᠲᠥᠯᠦᠪᠵᠢᠭᠦᠯᠭᠡ ᠪᠠ ᠲᠤᠰᠬᠠᠢ ᠬᠡᠷᠡᠭᠵᠢᠭᠦᠯᠬᠦ ᠲᠥᠰᠥᠯ ᠢ ᠰᠤᠳᠤᠯᠤᠨ | ᠨᠠᠶᠢᠷᠠᠭᠤᠯᠤᠨ ᠵᠣᠬᠢᠶᠠᠬᠤ ᠬᠡᠷᠡᠭᠲᠡᠢ ᠃ ᠭᠤᠷᠪᠠ ᠳᠤ ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠣᠷᠣᠨ ᠬᠤᠪᠢᠶᠠᠨ ᠲᠥᠷᠥᠯ ᠬᠤᠪᠢᠶᠠᠨ | ᠬᠤᠵᠢᠷᠯᠢᠭ ᠲᠠᠷᠢᠶᠠᠨ ᠭᠠᠵᠠᠷ ᠢ ᠵᠠᠰᠠᠨ ᠰᠠᠶᠢᠵᠢᠷᠠᠭᠤᠯᠬᠤ ᠠᠵᠢᠯ ᠢ ᠥᠷᠨᠢᠭᠦᠯᠬᠦ ᠬᠡᠷᠡᠭᠲᠡᠢ ᠃ ᠳᠥᠷᠪᠡ ᠳᠤ ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ | ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠵᠢᠷᠯᠢᠭ ᠭᠠᠵᠠᠷ ᠢ | ᠠᠰᠢᠭᠯᠠᠵᠤ ᠂ ᠡᠯ᠎ᠡ ᠲᠥᠷᠥᠯ ᠤᠨ ᠬᠤᠵᠢᠷᠯᠢᠭ ᠭᠠᠵᠠᠷ ᠤᠨ ᠡᠬᠢ ᠪᠠᠶᠠᠯᠢᠭ ᠠᠴᠠ ᠬᠤᠷᠢᠶᠠᠯᠲᠠ ᠣᠯᠬᠤ ᠬᠡᠷᠡᠭᠲᠡᠢ ᠃ ᠲᠠᠪᠤ ᠳᠤ ᠂ ︽ ᠲᠠᠷᠢᠶᠠᠨ ᠭᠠᠵᠠᠷ ᠲᠤ | ᠲᠣᠬᠢᠷᠠᠭᠤᠯᠤᠨ ᠲᠠᠷᠢᠬᠤ ︾ ᠪᠠ ︽ ᠲᠠᠷᠢᠶᠠᠨ ᠭᠠᠵᠠᠷ ᠢ ᠲᠠᠷᠢᠬᠤ ᠳᠤ ᠲᠣᠬᠢᠷᠠᠮᠵᠢᠲᠠᠢ ᠪᠤᠯᠭᠠᠬᠤ ︾ ᠶᠢ ᠬᠠᠷᠢᠯᠴᠠᠨ ᠤᠶᠠᠯᠳᠤᠭᠤᠯᠵᠤ ᠂ ᠬᠤᠵᠢᠷ ᠲᠤ ᠲᠡᠰᠪᠦᠷᠢᠲᠡᠢ | ᠣᠨᠴᠠᠯᠢᠭᠲᠤ ᠡᠭᠦᠯᠳᠡᠷ ᠢ ᠰᠣᠩᠭᠤᠨ ᠪᠤᠶᠢᠵᠢᠭᠤᠯᠬᠤ ᠶᠢ ᠲᠦᠷᠭᠡᠳᠬᠡᠵᠦ ᠂ ᠬᠤᠵᠢᠷᠯᠢᠭ ᠭᠠᠵᠠᠷ ᠢ ᠵᠠᠰᠠᠨ ᠰᠠᠶᠢᠵᠢᠷᠠᠭᠤᠯᠬᠤ ᠪᠦᠲᠦᠮᠵᠢᠲᠡᠶ ᠠᠷᠭ᠎ᠠ ᠬᠢᠳᠡᠯ ᠢ ᠶᠡᠬᠡᠪᠡᠷ | ᠳᠡᠯᠭᠡᠷᠡᠭᠦᠯᠬᠦ ᠬᠡᠷᠡᠭᠲᠡᠢ ᠃ ᠵᠢᠷᠭᠤᠭ᠎ᠠ ᠳᠤ ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠬᠦ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠥᠷᠥ ᠶᠢᠨ | ᠪᠣᠳᠣᠯᠭ᠎ᠠ ᠶᠢ ᠲᠣᠭᠲᠠᠭᠠᠵᠤ ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | | | |