| 11 ᠰᠠᠷ᠎ᠠ ᠶᠢᠨ 29 ᠤ ᠡᠳᠦᠷ ᠂ ᠥᠪᠡᠷᠲᠡᠭᠡᠨ ᠵᠠᠰᠠᠬᠤ ᠣᠷᠣᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ | ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠣᠯᠣᠨ ᠪᠦᠭᠦ | ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ 2027 | ᠣᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠪᠦᠭᠦ ᠤᠯᠤᠰ ᠤᠨ ᠳᠤᠮᠳᠠ ᠲᠦᠪᠰᠢᠨ ᠳᠤ ᠣᠷᠣᠭᠤᠯᠬᠤ ᠬᠠᠷᠠᠯᠲᠠ ᠶᠢᠨ ᠲᠣᠭᠤᠷᠢᠨ ᠳᠤ ᠂ ︽ | 1 + 7 ︾ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠰᠤᠳᠤᠯᠵᠤ ᠂ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ ᠃ | ᠸᠠᠩ ᠯᠢ ᠰᠢᠶᠠ ᠂ ᠥᠪᠥᠷ ᠮᠣᠩᠭᠤᠯ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠨᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ | ᠬᠤᠯᠪᠣᠭᠳᠠᠵᠤ ᠂ ᠤᠯᠤᠰ ᠤᠨ ᠬᠥᠭᠵᠢᠯᠲᠡ ᠪᠣᠯᠣᠨ ᠠᠮᠤᠷ ᠲᠦᠪᠰᠢᠨ ᠤ ᠶᠡᠭᠡ ᠲᠠᠯ᠎ᠠ ᠳᠤ ᠬᠤᠯᠪᠣᠭᠳᠠᠨ᠎ᠠ ᠃ ︽ ᠶᠠᠭᠤᠨ ᠳᠤ ᠠᠳᠬᠤᠬᠤ ᠪᠤᠢ ︾ ᠭᠡᠬᠦ | ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠂ ᠱᠠᠲᠤᠴᠢ | ᠴᠢᠨᠠᠷᠲᠠᠢ ᠣᠨᠴᠠᠯᠢᠭ ᠰᠢᠨᠵᠢ ᠂ ᠲᠤᠯᠭᠠᠷᠠᠵᠤ ᠪᠠᠶᠢᠭ᠎ᠠ ᠣᠷᠴᠢᠨ ᠲᠣᠭᠤᠷᠢᠨ ᠤ ᠨᠥᠬᠦᠴᠡᠯ ᠤᠨ ᠬᠤᠪᠢᠷᠠᠯᠲᠠ ᠶᠢᠨ ᠲᠠᠯ᠎ᠠ ᠪᠠᠷ ᠰᠢᠨ᠎ᠡ ᠪᠠᠶᠢᠳᠠᠯ ᠰᠢᠨ᠎ᠡ | ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ ᠂ ᠮᠠᠨ ᠤ ᠤᠯᠤᠰ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠶᠡᠭᠡ ᠪᠠᠶᠢᠭᠰᠠᠨ ᠠᠴᠠ ᠪᠠᠨ ᠬᠦᠴᠦᠷᠬᠡᠭ ᠪᠤᠯᠬᠤ | ᠴᠢᠬᠤᠯᠠ ᠵᠠᠩᠭᠢᠯᠠᠭ᠎ᠠ ᠶᠢ ᠠᠳᠬᠤᠵᠤ ᠂ ᠣᠨᠴᠠᠯᠢᠭᠲᠤ ᠳᠠᠪᠠᠭᠤᠯᠢᠭ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ ᠃ ︽ | ᠶᠠᠭᠤ ᠶᠢ ᠠᠳᠬᠤᠬᠤ ᠪᠤᠢ ︾ ᠭᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠠᠵᠤ ᠦᠢᠯᠡᠰ ᠢ ᠦᠨᠳᠦᠰᠦᠯᠡᠵᠦ ᠬᠠᠷᠢᠭᠤᠴᠠᠯᠭ᠎ᠠ ᠪᠠ ᠠᠵᠢᠯ ᠤᠨ | ᠬᠤᠪᠢᠶᠠᠷᠢᠯᠠᠯ ᠢᠶᠠᠨ ᠨᠠᠷᠢᠯᠢᠭᠵᠢᠭᠤᠯᠵᠤ ᠂ ᠣᠨ ᠢᠶᠠᠷ ᠬᠠᠷᠠᠯᠲᠠ ᠡᠭᠦᠷᠭᠡ ᠪᠠᠨ ᠬᠤᠪᠢᠶᠠᠷᠢᠯᠠᠵᠤ ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠂ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢ ᠬᠥᠭᠵᠢᠭᠦᠯᠬᠦ ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠪᠤᠵᠠᠭᠠᠶᠢᠷᠠᠭᠤᠯᠬᠤ ᠂ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠂ ᠠᠵᠤ ᠦᠢᠯᠡᠰ ᠤᠨ ᠲᠤᠭᠠᠴᠢᠯᠠᠯᠳᠠ ᠪᠠᠷ ᠬᠦᠴᠦᠨ | ᠴᠢᠳᠠᠯ ᠣᠯᠭᠤᠬᠤ ᠶᠢ ᠠᠬᠢᠭᠤᠯᠬᠤ ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ | ᠬᠢᠵᠦ ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠭ᠎ᠠ ᠬᠡᠮᠵᠢᠶ᠎ᠡ ᠪᠠᠨ ᠥᠷᠭᠡᠳᠬᠡᠵᠦ ᠂ ᠶᠠᠰᠤ ᠴᠢᠨᠠᠷ ᠢᠶᠠᠨ ᠳᠡᠭᠡᠭᠰᠢᠯᠡᠭᠦᠯᠵᠦ ᠂ ᠦᠷ᠎ᠡ ᠠᠰᠢᠭ ᠢᠶᠠᠨ | ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠃ ᠢᠯᠠᠩᠭᠤᠶ᠎ᠠ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠨᠢᠭᠡ ᠤᠳᠠᠭᠠᠨ ᠤ | ᠲᠦᠢᠯᠪᠤᠷᠢᠲᠠᠢ ᠪᠠᠶᠢᠴᠠᠭᠠᠯᠲᠠ ᠬᠢᠵᠦ ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠨᠢ ᠤᠳᠠᠭᠠᠨ | ᠪᠠᠶᠢᠬᠤ ᠠᠰᠠᠭᠤᠳᠠᠯ ᠢ ᠰᠢᠢᠳᠪᠦᠷᠢᠯᠡᠵᠦ ᠂ ᠠᠷᠭ᠎ᠠ ᠪᠦᠭᠦᠨ ᠢ ᠰᠦᠪᠡᠭᠴᠢᠯᠡᠨ ᠪᠣᠬᠢᠷᠳᠤᠯ ᠦᠭᠡᠢ ᠴᠠᠭᠢᠯᠭᠠᠨ ᠢ ᠬᠡᠷᠡᠭᠯᠡᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ ᠂ | ᠰᠢᠨ᠎ᠡ ᠡᠨᠧᠷᠭᠢ ᠶᠢᠨ ᠬᠦᠷᠢᠶ᠎ᠡ ᠴᠠᠷᠠᠭ᠎ᠠ ᠳᠤ ᠪᠠᠰᠠ ᠨᠢᠭᠡᠨ ︽ ᠠᠵᠤ ᠦᠢᠯᠡᠳᠪᠦᠷᠢ ᠶᠢᠨ ᠥᠪᠥᠷ ᠮᠣᠩᠭᠤᠯ ︾ ᠢ ᠲᠦᠷᠭᠡᠳᠬᠡᠨ ᠪᠠᠶᠢᠭᠤᠯᠬᠤ ᠬᠡᠷᠡᠭᠲᠡᠢ ᠃ ︽ | ᠶᠠᠭᠠᠬᠢᠵᠤ ᠠᠳᠬᠤᠬᠤ ᠪᠤᠢ ︾ ᠭᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠪᠦᠭᠦ ᠣᠷᠣᠨ ᠢᠶᠠᠷ ᠢᠶᠠᠨ ᠬᠥᠯᠭᠡ ᠰᠢᠲᠠᠷ᠎ᠠ ᠪᠠᠶᠢᠬᠤ ᠶᠢ ᠪᠠᠷᠢᠮᠲᠠᠯᠠᠵᠤ ᠂ ᠤᠰᠤ ᠂ | ᠭᠠᠵᠠᠷ ᠰᠢᠷᠣᠢ ᠂ ᠨᠡᠭᠦᠷᠡᠰᠦ ᠂ ᠴᠠᠭᠢᠯᠭᠠᠨ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ ᠂ ᠠᠵᠤ ᠠᠬᠤᠢ ᠶᠢ ᠣᠶᠢᠯᠠᠭᠠᠬᠤ ᠂ ᠵᠠᠬ᠎ᠠ ᠳᠡᠯᠭᠡᠭᠦᠷ ᠢ ᠣᠶᠢᠯᠠᠭᠠᠬᠤ ᠂ ᠡᠵᠡᠩᠨᠡᠬᠦ ᠳᠡᠭᠡᠨ ᠴᠢᠳᠠᠮᠠᠭᠠᠢ ᠂ | ᠦᠢᠯᠡᠴᠢᠯᠡᠬᠦ ᠳᠡᠭᠡᠨ ᠴᠢᠳᠠᠮᠠᠭᠠᠢ ᠨᠡᠩ ᠤᠯᠠᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠬᠤ ᠬᠡᠷᠡᠭᠲᠡᠢ ᠃ ᠠᠵᠤ ᠠᠬᠤᠶᠢᠯᠠᠯᠲᠠᠨ ᠪᠣᠯ ᠬᠠᠮᠤᠭ ᠤᠨ ᠡᠷᠬᠢᠮ ᠨᠠᠨᠳᠢᠨ | ᠥᠪ ᠬᠥᠷᠥᠩᠭᠡ ᠮᠥᠨ ᠂ ᠲᠡᠳᠡᠨ ᠤ ᠠᠵᠤ ᠦᠢᠯᠡᠰ ᠢᠶᠠᠨ ᠪᠠᠲᠤ ᠰᠠᠬᠢᠵᠤ ᠂ ᠠᠵᠤ ᠠᠬᠤᠶᠢᠯᠠᠯ ᠢᠶᠠᠨ ᠰᠠᠶᠢᠲᠤᠷ ᠡᠷᠭᠢᠯᠡᠵᠦ ᠂ ᠬᠠᠮᠲᠤᠷᠠᠯ ᠬᠦᠴᠦᠨ ᠢᠶᠠᠨ | ᠨᠢᠭᠲᠠᠷᠠᠭᠤᠯᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠳᠡᠮᠵᠢᠬᠦ ᠬᠡᠷᠡᠭᠲᠡᠢ ᠭᠡᠵᠦ | ᠴᠢᠬᠤᠯᠠᠴᠢᠯᠠᠪᠠ ᠃ | ᠪᠠᠢ ᠴᠢᠩ ᠶᠤᠸᠠᠨ ᠬᠤᠷᠠᠯ ᠢ ᠡᠷᠭᠢᠯᠡᠵᠦ ᠂ ᠶᠠᠩ ᠵᠢᠶᠧ ᠂ ᠰᠦᠨ ᠵᠢᠶᠦ᠋ᠨ ᠴᠢᠩ ᠣᠷᠣᠯᠴᠠᠵᠠᠢ ᠃ | | | |