| ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯ ᠤᠳᠤ ᠦᠶ᠎ᠡ ᠳᠤ ᠭᠠᠪᠢᠶ᠎ᠠ ᠪᠠᠶᠢᠭᠤᠯᠵᠤ ᠂ ᠮᠢᠩᠭᠠᠨ ᠦᠶ᠎ᠡ ᠳᠤ ᠠᠰᠢᠭ ᠬᠦᠷᠲᠡᠭᠡᠬᠦ ᠦᠢᠯᠡᠰ ᠮᠥᠨ ᠃ | ᠮᠠᠨ ᠤ ᠤᠯᠤᠰ ᠤᠨ ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ | ᠪᠣᠯᠤᠭᠰᠠᠨ ᠤ ᠬᠤᠪᠢ ᠳᠤ ᠂ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠨᠢ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ | ᠳᠣᠲᠣᠭᠠᠳᠤ ᠱᠠᠭᠠᠷᠳᠠᠯᠭ᠎ᠠ ᠪᠤᠯᠬᠤ ᠪᠠᠷ ᠪᠠᠷᠠᠬᠤ ᠦᠭᠡᠢ ᠂ ᠨᠠᠩ ᠴᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠰᠠᠶᠢᠲᠤᠷ ᠬᠠᠮᠠᠭᠠᠯᠠᠵᠤ ᠪᠠᠲᠤ ᠴᠣᠭᠴᠠᠯᠠᠬᠤ ᠡᠨᠡ ᠬᠦ ︽ ᠤᠯᠤᠰ ᠤᠨ ᠶᠡᠭᠡ ᠶᠠᠪᠤᠳᠠᠯ ︾ ᠤᠨ ᠪᠣᠳᠠᠲᠤ ᠬᠡᠷᠡᠭᠴᠡᠭᠡ ᠪᠣᠯᠣᠨ᠎ᠠ ᠃ | ᠨᠤᠲᠤᠭ ᠪᠡᠯᠴᠢᠭᠡᠷ ᠂ ᠣᠶ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ | ᠡᠭᠦᠷᠭᠡ ᠪᠣᠯᠣᠨ᠎ᠠ ᠃ ᠦᠵᠡᠰᠬᠦᠯᠡᠩᠲᠦ ᠰᠠᠶᠢᠬᠠᠨ ᠠᠮᠢ ᠠᠬᠤᠢ ᠣᠷᠴᠢᠨ ᠲᠣᠭᠤᠷᠢᠨ ᠪᠣᠯ ᠡᠬᠡ ᠪᠠᠶᠢᠭᠠᠯᠢ ᠠᠴᠠ ᠥᠪᠥᠷ ᠮᠣᠩᠭᠤᠯ ᠳᠤ ᠰᠣᠶᠣᠷᠬᠠᠭᠰᠠᠨ ᠬᠠᠮᠤᠭ ᠤᠨ | ᠡᠷᠬᠢᠮ ᠨᠠᠨᠳᠢᠨ ᠥᠪ ᠬᠥᠷᠥᠩᠭᠡ ᠮᠥᠨ ᠂ ᠡᠷᠬᠡᠪᠰᠢ ᠬᠤᠪᠢ ᠲᠠᠭᠢᠨ ᠨᠠᠨᠳᠢᠩᠨᠠᠵᠤ ᠂ ᠬᠤᠪᠢ ᠲᠠᠭᠢᠨ ᠬᠠᠶᠢᠷᠠᠯᠠᠨ ᠬᠠᠮᠠᠭᠠᠯᠠᠬᠤ ᠬᠡᠷᠡᠭᠲᠡᠢ ᠃ ᠮᠠᠨ ᠤ ᠣᠷᠣᠨ ᠤ ᠠᠮᠢ | ᠠᠬᠤᠢ ᠣᠷᠴᠢᠨ ᠲᠣᠭᠤᠷᠢᠨ ᠤ ᠶᠠᠰᠤ ᠴᠢᠨᠠᠷ ᠬᠡᠳᠦ᠋ᠢᠪᠡᠷ ᠢᠯᠡᠳᠲᠡ ᠰᠠᠶᠢᠵᠢᠷᠠᠭᠰᠠᠨ ᠪᠤᠯᠪᠠᠴᠤ ᠪᠦᠲᠦᠴᠡ ᠶᠢᠨ ᠴᠢᠨᠠᠷᠲᠠᠢ ᠂ ᠦᠨᠳᠦᠰᠦ ᠰᠤᠷᠪᠤᠯᠵᠢ ᠶᠢᠨ ᠴᠢᠨᠠᠷᠲᠠᠢ ᠂ | ᠬᠠᠨᠳᠤᠰᠢ ᠶᠢᠨ ᠴᠢᠨᠠᠷᠲᠠᠢ ᠳᠠᠷᠤᠯᠲᠠ ᠬᠠᠷᠠᠬᠠᠨ ᠦᠨᠳᠦᠰᠦᠨ ᠠᠴᠠ ᠪᠠᠨ ᠨᠠᠮᠳᠠᠭᠠᠳᠤᠢ ᠪᠠᠶᠢᠬᠤ ᠶᠢ ᠣᠯᠵᠤ ᠬᠠᠷᠠᠬᠤ ᠬᠡᠷᠡᠭᠲᠡᠢ ᠃ ᠡᠨᠡ ᠨᠢ ᠢᠮᠠᠭᠲᠠ ᠡᠨᠡ ᠬᠦ | ᠬᠥᠪᠴᠢ ᠶᠢ ᠴᠢᠩᠭᠠᠯᠠᠵᠤ ᠂ ︽ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ︾ ᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠪᠠᠷ ᠬᠥᠳᠡᠯᠭᠡᠬᠦ ᠬᠦᠴᠦᠨ ᠪᠤᠯᠭᠠᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠠᠵᠢᠯ ᠤᠨ | ᠵᠠᠷᠴᠢᠮ ᠢ ᠪᠠᠷᠢᠮᠲᠠᠯᠠᠵᠤ ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠵᠤ ᠂ | ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠲᠠᠯ᠎ᠠ | ᠨᠤᠲᠤᠭ ᠂ ᠤᠢ ᠰᠢᠭᠤᠢ ᠂ ᠨᠤᠭᠤ ᠭᠠᠵᠠᠷ ᠵᠡᠷᠭᠡ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ ᠂ ᠡᠬᠡ ᠤᠯᠤᠰ ᠤᠨ | ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠴᠥᠬᠦᠷᠡᠰᠢ ᠦᠭᠡᠢ ᠂ ᠴᠤᠴᠠᠯᠲᠠ ᠦᠭᠡᠢ ᠴᠢᠷᠮᠠᠶᠢᠨ ᠴᠣᠭᠴᠠᠯᠠᠬᠤ ᠴᠢᠬᠤᠯᠠᠲᠠᠢ ᠃ | ᠠᠮᠢ ᠠᠬᠤᠢ ᠬᠡᠪᠡᠷᠡᠭ ᠪᠤᠯᠬᠤ ᠭᠠᠵᠠᠷ ᠣᠷᠣᠨ ᠠᠮᠢ ᠠᠬᠤᠢ ᠶᠢᠨ ᠵᠢᠮ᠎ᠡ ᠶᠣᠰᠣ ᠶᠢ ᠢᠯᠡᠭᠦᠬᠡᠨ ᠰᠤᠳᠤᠯᠤᠨ ᠵᠢᠷᠤᠮᠯᠠᠵᠤ ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ ᠂ ᠢᠮᠠᠭᠲᠠ ᠲᠤᠭᠤᠰᠢᠯᠠᠭᠤᠯᠬᠤ ᠬᠡᠷᠡᠭᠲᠡᠢ ᠃ ᠪᠦᠭᠦ ᠡᠯᠧᠮᠧᠨ᠋ᠲ ᠪᠦᠭᠦ ᠲᠠᠯ᠎ᠠ ᠪᠠᠷ ᠵᠠᠰᠠᠬᠤ ᠪᠠᠶᠢᠷᠢᠰᠢᠯ ᠢ ᠪᠤᠢ ᠪᠤᠯᠭᠠᠵᠤ ᠂ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ ᠂ ᠬᠥᠬᠡ ᠣᠭᠲᠠᠷᠭᠤᠢ ᠂ ᠬᠥᠬᠡᠮᠳᠦᠭ ᠤᠰᠤ ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ | ᠬᠡᠷᠡᠭᠲᠡᠢ ᠃ ︽ ᠴᠠᠭ ᠢᠮᠠᠭᠲᠠ ᠰᠡᠳᠬᠢᠯ ᠠᠮᠤᠷ ᠪᠠᠶᠢᠬᠤ ︾ ᠬᠠᠷᠢᠭᠤᠴᠠᠯᠭ᠎ᠠ ᠡᠭᠦᠷᠭᠡᠯᠡᠯ ᠢᠶᠠᠷ ᠂ ᠨᠠᠶᠢᠳᠠᠪᠤᠷᠢᠵᠢᠭᠤᠯᠬᠤ ᠶᠣᠰᠣᠲᠠᠢ ᠳᠦᠷᠢᠮ ᠢ ᠴᠢᠩᠭ᠎ᠠ | ᠬᠡᠷᠡᠭᠵᠢᠭᠦᠯᠵᠦ ᠂ ᠴᠢᠭᠯᠡᠭᠦᠯᠦᠯᠲᠦ ᠴᠢᠨᠠᠷᠲᠠᠢ ᠪᠠᠷ ᠨᠣᠭᠤᠭᠠᠷᠠᠭᠤᠯᠤᠯᠲᠠ ᠶᠢ ᠬᠠᠮᠠᠭᠠᠯᠠᠵᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠡᠷᠴᠢᠮ ᠢᠶᠠᠨ ᠴᠢᠩᠭᠠᠷᠠᠭᠤᠯᠵᠤ ᠂ | ᠢᠯᠠᠩᠭᠤᠶ᠎ᠠ ᠬᠠᠮᠠᠭᠠᠯᠠᠯᠲᠠ ᠪᠠ ᠰᠡᠷᠭᠦᠭᠡᠯᠲᠡ ᠳᠤᠮᠳᠠᠬᠢ ᠬᠡᠯᠪᠡᠷᠢᠴᠢ ᠦᠵᠡᠯ ᠤᠨ ᠠᠰᠠᠭᠤᠳᠠᠯ ᠢ ᠰᠡᠷᠡᠮᠵᠢᠯᠡᠵᠦ ᠂ ᠣᠬᠤᠷ ᠬᠤᠭᠤᠴᠠᠭᠠᠨ ᠤ ᠠᠰᠢᠭ ᠲᠤᠰᠠ ᠪᠠᠷ | ᠬᠥᠲᠥᠯᠥᠭᠦᠯᠵᠦ ᠪᠤᠯᠬᠤ ᠦᠭᠡᠢ ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠨᠡᠷ᠎ᠡ ᠪᠠᠷ ᠠᠮᠢ ᠠᠬᠤᠢ ᠶᠢ ᠡᠪᠳᠡᠵᠦ ᠪᠤᠯᠬᠤ ᠦᠭᠡᠢ ᠃ ᠳᠦᠷᠢᠮ | ᠲᠣᠭᠲᠠᠴᠠ ᠶᠢᠨ ᠰᠢᠨ᠎ᠡ ᠶᠢ ᠡᠭᠦᠳᠬᠦ ᠲᠠᠯ᠎ᠠ ᠪᠠᠷ ᠤᠯᠠᠨ ᠠᠷᠭ᠎ᠠ ᠪᠤᠳᠤᠵᠤ ᠂ ᠤᠯᠠᠨ ᠪᠦᠳᠦᠮᠵᠢᠳᠠᠢ ᠠᠷᠭ᠎ᠠ ᠭᠠᠷᠭᠠᠵᠤ ᠬᠤᠯᠪᠣᠭᠳᠠᠯ ᠪᠦᠬᠦᠢ ᠳᠦᠷᠢᠮ ᠲᠣᠭᠲᠠᠴᠠ | ᠪᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠠᠮᠢ ᠠᠬᠤᠢ ᠶᠢᠨ ᠪᠣᠯᠪᠠᠰᠤᠨ ᠤ ᠬᠦᠷᠢᠶᠡᠨ ᠳᠠᠬᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠬᠤᠷᠴᠠ ᠰᠡᠯᠡᠮ᠎ᠡ ᠶᠢ ᠰᠠᠶᠢᠲᠤᠷ ᠬᠡᠷᠡᠭᠯᠡᠵᠦ ᠂ | ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠲᠣᠭᠲᠠᠴᠠ ᠶᠢ ᠦᠨᠡᠨ ᠬᠦ ᠪᠠᠶᠢᠭᠤᠯᠬᠤ ᠬᠡᠷᠡᠭᠲᠡᠢ ᠃ | ᠥᠨᠳᠥᠷ ᠲᠦᠪᠰᠢᠨ ᠪᠦᠬᠦᠢ ᠬᠠᠮᠠᠭᠠᠯᠠᠯᠲᠠ ᠪᠣᠯ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢ ᠭᠠᠭᠴᠠ ᠬᠦ ᠥᠨᠳᠥᠷ ᠲᠦᠪᠰᠢᠨ ᠪᠦᠬᠦᠢ ᠬᠠᠮᠠᠭᠠᠯᠠᠯᠲᠠ ᠳᠤ | ᠲᠦᠰᠢᠭᠯᠡᠪᠡᠯ ᠰᠠᠶ᠋ᠢ ᠪᠡᠶᠡᠯᠡᠭᠦᠯᠵᠦ ᠴᠢᠳᠠᠨ᠎ᠠ ᠃ ᠣᠶᠢᠯᠠᠭᠠᠭᠳᠠᠬᠤᠨ ᠢ ᠭᠦᠨᠵᠡᠭᠡᠢ ᠬᠤᠪᠢᠷᠠᠭᠤᠯᠵᠤ ᠂ ᠳᠦᠷᠢᠮ ᠢ ︽ ᠰᠢᠳᠦ ︾ ᠤᠷᠭᠤᠭᠤᠯᠵᠤ ᠂ ᠠᠵᠢᠯᠯᠠᠭ᠎ᠠ ᠶᠢ | ᠤᠬᠠᠮᠰᠠᠷ ᠪᠣᠯᠭᠠᠨ ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠪᠠᠷᠢᠮᠲᠠᠯᠠᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠢ ᠪᠦᠭᠦ ᠬᠦᠴᠦᠨ ᠢᠶᠠᠷ ᠢᠶᠠᠨ ᠴᠢᠩᠭ᠎ᠠ ᠠᠳᠬᠤᠵᠤ ᠪᠣᠳᠠᠲᠠᠢ ᠠᠳᠬᠤᠵᠤ ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠳᠠᠮᠵᠢᠭᠤᠯᠤᠨ ᠬᠥᠭᠵᠢᠯᠲᠡ ᠶᠢᠨ | ᠰᠢᠨ᠎ᠡ ᠬᠥᠳᠡᠯᠭᠡᠬᠦ ᠡᠨᠧᠷᠭᠢ ᠂ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠶ ᠪᠤᠯᠭᠠᠵᠤ ᠂ ᠬᠥᠭᠵᠢᠯᠲᠡ ᠶᠢᠨ ᠳᠠᠯᠳᠠ ᠬᠦᠴᠦᠨ ᠪᠠ ᠨᠥᠭᠡᠴᠡ ᠬᠦᠴᠦᠨ ᠢ | ᠦᠷᠭᠦᠯᠵᠢᠯᠡᠨ ᠴᠢᠩᠭᠠᠳᠬᠠᠪᠠᠯ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠭ᠎ᠠ ᠯᠠᠪᠲᠠᠢ ᠨᠠᠩ ᠪᠠᠲᠤ ᠪᠠᠬᠢ ᠪᠣᠯᠵᠤ ᠂ ᠦᠷ᠎ᠡ ᠪᠦᠲᠦᠭᠡᠯ ᠨᠢ | ᠨᠠᠩ ᠡᠯᠪᠡᠭ ᠪᠠᠶᠠᠯᠢᠭ ᠪᠤᠯᠬᠤ ᠶᠤᠮ ᠃ | | |