ᠠᠮᠲᠠᠲᠤ ᠲᠥᠮᠥᠰᠥ ᠶᠢ ᠢᠩᠬᠢᠵᠦ ᠢᠳᠡᠪᠡᠯ ᠪᠡᠶ᠎ᠡ ᠳᠤ ᠪᠦᠷ ᠰᠠᠶᠢᠨ
ᠨᠡᠶᠢᠲᠡᠯᠡᠭᠰᠡᠨ ᠴᠠᠭ᠄
2023/12/11
    ᠠᠮᠲᠠᠲᠤ ᠲᠥᠮᠥᠰᠥ ᠢᠳᠡᠬᠦ ᠳᠤᠷᠠᠲᠠᠶ ᠬᠦᠮᠦᠰ ᠲᠤ ᠰᠠᠨᠠᠭᠤᠯᠬᠤ ᠨᠢ ᠂ ᠠᠮᠳᠠᠳᠤ ᠲᠦᠮᠦᠰᠤ ᠨᠢ ᠬᠥᠮᠦᠨ ᠪᠣᠯᠭᠠᠨ ᠳᠤ ᠳᠣᠭᠢᠷᠠᠬᠤ ᠢᠳᠡᠭᠡᠨ ᠪᠢᠰᠢ ᠰᠢᠦ ᠳ᠋ᠠ ᠵᠠᠷᠢᠮ ᠬᠥᠮᠥᠨ ᠤ ᠬᠤᠳᠣᠭᠤᠳᠣ ᠭᠡᠳᠡᠰᠦ ᠪᠠ ᠤᠨᠲᠠᠯᠭ᠎ᠠ ᠶᠢ ᠴᠢᠨᠢ ᠨᠥᠯᠦᠭᠡᠯᠡᠵᠦ ᠮᠡᠳᠡᠨ᠎ᠡ ᠃ ᠠᠮᠳᠠᠳᠤ ᠲᠦᠮᠦᠰᠤ ᠶᠢ ᠰᠢᠷᠠᠭᠰᠠᠨ ᠴᠤ ᠲᠡᠷᠡ ᠂ ᠵᠢᠩᠨᠡᠵᠦ ᠴᠢᠨᠠᠭᠰᠠᠨ ᠴᠤ ᠲᠡᠷᠡ ᠂ ᠢᠳᠡᠬᠦ ᠦᠶ᠎ᠡ ᠳᠤ ᠪᠠᠰᠠ ᠬᠡᠳᠦᠨ ᠵᠦᠢᠯ ᠢ ᠠᠩᠬᠠᠷᠬᠤ ᠬᠡᠷᠡᠭᠲᠡᠶ ᠄  ① ᠳᠡᠯᠢᠭᠦᠦ ᠬᠤᠳᠣᠭᠤᠳᠣ ᠮᠠᠭᠤ ᠪᠣᠯ ᠪᠠᠭ᠎ᠠ ᠢᠳᠡᠬᠦ ᠪᠤᠶᠤ ᠢᠳᠡᠬᠦ ᠦᠭᠡᠢ ᠪᠠᠶᠢᠪᠠᠯ ᠵᠤᠬᠢᠨ᠎ᠠ ᠂ ᠡᠶᠢᠮᠤ ᠪᠠᠶᠢᠳᠠᠯ ᠳᠤ ᠢᠳᠡᠪᠡᠯ ᠬᠤᠳᠣᠭᠤᠳᠣᠨ ᠤ ᠳᠠᠷᠤᠯᠲᠠ ᠶᠢ ᠠᠮᠠᠷᠬᠠᠨ ᠨᠡᠮᠡᠭᠳᠡᠭᠦᠯᠵᠦ ᠂ ᠬᠤᠳᠤᠭᠤᠳᠤ ᠶᠢ ᠡᠪ ᠦᠭᠡᠢ ᠪᠣᠯᠭᠠᠨ᠎ᠠ ᠃ ② ᠤᠨᠲᠠᠬᠤ ᠠᠴᠠ ᠪᠠᠨ ᠡᠮᠦᠨ᠎ᠡ ᠢᠳᠡᠬᠦ ᠦᠬᠡᠢ ᠪᠠᠶᠢᠪᠠᠯ ᠵᠤᠬᠢᠨ᠎ᠠ ᠂ ᠬᠡᠷᠪᠡ ᠤᠨᠳᠠᠬᠤ ᠠᠴᠠ ᠪᠠᠨ ᠡᠮᠦᠨ᠎ᠡ ᠢᠳᠡᠪᠡᠯ ᠭᠡᠳᠡᠰᠦ ᠬᠥᠭᠡᠭᠡᠵᠦ ᠂ ᠢᠰᠬᠦᠯᠡᠩ ᠠᠮᠳᠠᠭᠳᠠᠨ ᠂ ᠬᠡᠪ ᠤᠨ ᠤᠨᠲᠠᠯᠭ᠎ᠠ ᠶᠢ ᠬᠠᠷᠰᠢᠯᠠᠨ᠎ᠠ ᠃ ③ ᠰᠢᠬᠢᠷᠯᠢᠭ ᠢᠳᠡᠭᠡᠨ ᠲᠠᠢ ᠬᠠᠮᠲᠤ ᠢᠳᠡᠵᠦ ᠪᠣᠯᠬᠤ ᠦᠭᠡᠢ ᠂ ᠢᠩᠭᠢᠪᠡᠯ ᠬᠤᠳᠣᠭᠤᠳᠣ ᠤᠯᠠᠭᠠᠨ ᠬᠤᠭᠤᠯᠠᠶ ᠳᠤ ᠰᠡᠳᠦᠯᠲᠡ ᠥᠭᠴᠦ ᠤᠯᠠᠮ ᠢᠶᠠᠷ ᠣᠭᠰᠢᠭᠤᠯᠬᠤ ᠪᠣᠯᠣᠨ᠎ᠠ ᠃    
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ