| ᠨᠢᠭᠡ ᠂ ᠭᠤᠸ᠎ᠠ ᠰᠠᠭᠤᠯᠭᠠᠬᠤ ᠠᠴᠠ ᠡᠮᠦᠨᠡᠬᠢ ᠬᠠᠮᠢᠶᠠᠷᠤᠯᠲᠠ ᠥᠷᠭᠡᠰᠦᠲᠦ ᠬᠡᠮᠬᠡ ᠶᠢ ᠲᠠᠷᠢᠵᠦ ᠰᠠᠭᠤᠷᠢᠰᠢᠭᠤᠯᠤᠭᠰᠠᠨ ᠤ ᠳᠠᠷᠠᠭ᠎ᠠ ᠂ ᠵᠢᠵᠢᠭ ᠳᠠᠯᠠᠩ ᠤᠨ | ᠳᠤᠮᠳᠠ ᠨᠢ 5 ᠰᠠᠨᠲ᠋ᠢᠮᠧᠳ᠋ᠷ ᠭᠦᠨ ᠭᠤᠤ ᠭᠠᠷᠭᠠᠵᠤ ᠂ ᠰᠤᠪᠠᠭ ᠪᠦᠷᠢ ᠳᠤ ᠴᠢᠨᠠᠵᠤ ᠪᠤᠯᠭᠤᠭᠰᠠᠨ ᠰᠢᠷ᠎ᠠ ᠪᠤᠷᠴᠠᠭ 1 ᠺᠢᠯᠣᠭ᠍ᠷᠠᠮ ︵ ᠣᠺᠲ᠋ᠠ ᠬᠦᠬᠦᠷᠲᠦ ᠹᠣᠰᠹᠣᠷ ᠤᠨ | ᠲᠠᠷᠢᠶᠠᠨ ᠡᠮ ᠬᠤᠯᠢᠬᠤ ︶ ᠂ ᠰᠢᠭᠡᠰᠦᠯᠢᠭ ᠡᠳ᠋ 0.5 ᠺᠢᠯᠣᠭ᠍ᠷᠠᠮ ᠰᠠᠴᠤᠵᠤ ᠂ ᠰᠢᠷᠣᠢ ᠪᠠᠷ ᠴᠢᠩᠭ᠎ᠠ ᠪᠦᠲᠡᠭᠡᠬᠦ ᠬᠡᠷᠡᠭᠲᠡᠢ ᠃ ᠰᠢᠭᠤᠳ ᠲᠠᠷᠢᠬᠤ ᠴᠢᠬᠢ ᠶᠢ ᠴᠦ | ᠭᠤᠤ ᠭᠠᠷᠭᠠᠵᠤ ᠪᠣᠷᠳᠣᠭᠤᠷ ᠣᠷᠣᠭᠤᠯᠬᠤ ᠬᠡᠷᠡᠭᠲᠡᠢ ᠃ ᠴᠢᠬᠢ ᠶᠢ ᠲᠠᠷᠢᠵᠦ ᠰᠠᠭᠤᠷᠢᠰᠢᠭᠤᠯᠤᠭᠰᠠᠨ ᠤ ᠳᠠᠷᠠᠭ᠎ᠠ ᠶᠡᠭᠡ ᠤᠰᠤ ᠪᠠᠷ ᠨᠢᠭᠡ ᠤᠳᠠᠭ᠎ᠠ ᠤᠰᠤᠯᠠᠵᠤ ᠂ | ᠶᠡᠭᠡ ᠪᠠᠭ᠎ᠠ ᠮᠥᠷ ᠢ ᠨᠢ ᠪᠦᠷ ᠤᠰᠤᠯᠠᠵᠤ ᠂ ᠳᠠᠯᠠᠩ ᠤᠨ ᠨᠢᠷᠤᠭᠤ ᠶᠢ ᠨᠡᠪᠲᠡ ᠨᠣᠷᠭᠠᠬᠤ ᠬᠡᠷᠡᠭᠲᠡᠢ ᠃ ᠬᠥᠯ ᠳᠤ ᠨᠠᠭᠠᠯᠳᠤᠬᠤ ᠦᠭᠡᠢ ᠦᠶ᠎ᠡ ᠳᠤ ᠰᠦᠯᠢᠶᠥᠦ | ᠪᠦᠷᠬᠦᠪᠴᠢ ᠶᠢ ᠪᠦᠲᠡᠭᠡᠬᠦ ᠬᠡᠷᠡᠭᠲᠡᠢ ᠃ ᠡᠨᠡ ᠦᠶ᠎ᠡ ᠳᠤ ᠭᠠᠳᠠᠭᠠᠳᠤ ᠣᠷᠴᠢᠨ ᠤ ᠠᠭᠠᠷ ᠤᠨ ᠳᠤᠯᠠᠭᠠᠨ ᠮᠥᠨ ᠴᠦ ᠨᠡᠯᠢᠶᠡᠳ ᠥᠨᠳᠥᠷ ᠪᠠᠶᠢᠵᠤ ᠂ ᠡᠳᠦᠷ ᠲᠡᠭᠡᠨ | ᠥᠨᠳᠥᠷ ᠳᠤᠯᠠᠭᠠᠨ ᠢ ᠰᠡᠷᠭᠡᠶᠢᠯᠡᠬᠦ ᠬᠡᠷᠡᠭᠲᠡᠢ ᠃ | ᠬᠤᠶᠠᠷ ᠂ ᠭᠤᠸ᠎ᠠ ᠰᠠᠭᠤᠬᠤ ᠡᠮᠦᠨᠡᠬᠢ ᠬᠤᠭᠤᠴᠠᠭᠠᠨ ᠤ ᠬᠠᠮᠢᠶᠠᠷᠤᠯᠲᠠ ᠥᠷᠭᠡᠰᠦᠲᠦ ᠬᠡᠮᠬᠡ ᠶᠢᠨ ᠭᠤᠸ᠎ᠠ ᠰᠠᠭᠤᠬᠤ ᠡᠬᠢᠨ ᠤ ᠬᠤᠭᠤᠴᠠᠭᠠᠨ ︵ 10 ᠰᠠᠷ᠎ᠠ ᠶᠢᠨ | ᠰᠢᠨᠡᠳ ᠠᠴᠠ 11 ᠰᠠᠷ᠎ᠠ ᠶᠢᠨ ᠰᠢᠨᠡᠳ ᠬᠦᠷᠲᠡᠯ᠎ᠡ ︶ ᠳᠤ ᠰᠠᠯᠬᠢ ᠵᠢᠪᠠᠷ ᠨᠡᠪᠲᠡᠷᠡᠭᠦᠯᠬᠦ ᠶᠢ ᠠᠩᠬᠠᠷᠴᠤ ᠂ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠶᠢ ᠪᠠᠲᠤᠯᠠᠬᠤ | ᠬᠡᠷᠡᠭᠲᠡᠢ ᠃ ᠡᠳᠦᠷ ᠤᠨ ᠳᠤᠯᠠᠭᠠᠨ ᠤ ᠬᠡᠮᠵᠢᠶ᠎ᠡ ᠨᠢ 25~30℃ ᠂ ᠦᠳᠡ ᠶᠢᠨ ᠳᠤᠯᠠᠭᠠᠨ ᠤ ᠬᠡᠮᠵᠢᠶ᠎ᠡ ᠨᠢ 32℃ ᠠᠴᠠ ᠬᠡᠲᠦᠷᠡᠬᠦ ᠦᠭᠡᠢ ᠂ ᠦᠳᠡ ᠶᠢᠨ | ᠬᠤᠶᠢᠨᠠᠬᠢ ᠳᠤᠯᠠᠭᠠᠨ ᠤ ᠬᠡᠮᠵᠢᠶ᠎ᠡ ᠨᠢ ᠳᠣᠷᠣᠭᠰᠢᠯᠠᠭᠠᠳ 20℃ ᠪᠣᠯᠬᠤ ᠦᠶ᠎ᠡ ᠳᠤ ᠬᠦᠯᠡᠮᠵᠢ ᠶᠢᠨ ᠣᠷᠣᠢ ᠶᠢᠨ ᠬᠡᠰᠡᠭ ᠤᠨ ᠰᠠᠯᠬᠢ ᠨᠡᠪᠲᠡᠷᠡᠭᠦᠯᠬᠦ ᠠᠮᠠᠰᠠᠷ ᠢ | ᠬᠠᠭᠠᠵᠤ ᠂ ᠳᠡᠭᠡᠷ᠎ᠡ ᠬᠠᠭᠠᠰ ᠰᠥᠨᠢ ᠶᠢᠨ ᠳᠤᠯᠠᠭᠠᠨ ᠤ ᠬᠡᠮᠵᠢᠶ᠎ᠡ ᠨᠢ 16℃ ᠣᠷᠴᠢᠮ ᠂ ᠳᠣᠣᠷ᠎ᠠ ᠬᠠᠭᠠᠰ ᠰᠥᠨᠢ ᠶᠢᠨ ᠳᠤᠯᠠᠭᠠᠨ ᠤ ᠬᠡᠮᠵᠢᠶ᠎ᠡ ᠨᠢ 12℃ | ᠣᠷᠴᠢᠮ ᠪᠠᠶᠢᠬᠤ ᠬᠡᠷᠡᠭᠲᠡᠢ ᠃ | ᠭᠤᠷᠪᠠ ᠂ ᠭᠤᠸ᠎ᠠ ᠰᠠᠭᠤᠬᠤ ᠳᠤᠮᠳᠠ ᠬᠤᠭᠤᠴᠠᠭᠠᠨ ᠤ ᠬᠠᠮᠢᠶᠠᠷᠤᠯᠲᠠ ᠨᠠᠮᠤᠷ ᠡᠪᠦᠯ ᠤᠨ ᠭᠤᠤᠷᠰᠤ ᠶᠢᠨ ᠥᠷᠭᠡᠰᠦᠲᠦ ᠬᠡᠮᠬᠡ ᠶᠢᠨ ᠭᠤᠸ᠎ᠠ ᠰᠠᠭᠤᠬᠤ | ᠳᠤᠮᠳᠠᠴᠢ ᠬᠤᠭᠤᠴᠠᠭ᠎ᠠ ᠨᠢ ᠶᠡᠷᠦ ᠳᠡᠭᠡᠨ 11 ᠰᠠᠷ᠎ᠠ ᠶᠢᠨ ᠰᠢᠨᠡᠳ ᠠᠴᠠ 12 ᠰᠠᠷ᠎ᠠ ᠶᠢᠨ ᠰᠡᠭᠦᠯᠴᠢ ᠪᠣᠯᠲᠠᠯ᠎ᠠ ᠂ ᠥᠷᠭᠡᠰᠦᠲᠦ ᠬᠡᠮᠬᠡ ᠶᠢᠨ ᠤᠨᠠᠯᠲᠠ ᠬᠠᠮᠤᠭ | ᠥᠨᠳᠥᠷ ᠬᠤᠭᠤᠴᠠᠭ᠎ᠠ ᠪᠣᠯᠣᠨ᠎ᠠ ᠂ ᠭᠡᠪᠡᠴᠦ ᠳᠤᠯᠠᠭᠠᠨ ᠤ ᠬᠡᠮᠵᠢᠶ᠎ᠡ ᠨᠢ ᠠᠭᠠᠵᠢᠮ ᠢᠶᠠᠷ ᠪᠠᠭᠤᠷᠠᠵᠤ ᠂ ᠨᠡᠷᠡᠨ ᠤ ᠲᠤᠰᠤᠯᠲᠠ ᠨᠢ ᠤᠯᠠᠮ ᠢᠶᠠᠷ ᠪᠠᠭᠤᠷᠠᠵᠤ ᠂ | ᠥᠷᠭᠡᠰᠦᠲᠦ ᠬᠡᠮᠬᠡ ᠶᠢᠨ ᠥᠰᠦᠯᠲᠡ ᠳᠤ ᠲᠦᠢᠯ ᠤᠨ ᠠᠰᠢᠭ ᠦᠭᠡᠢ ᠪᠠᠶᠢᠳᠠᠭ ᠃ ᠡᠶᠢᠮᠦ ᠠᠴᠠ ᠳᠤᠯᠠᠭᠠᠨ ᠤ ᠬᠡᠮᠵᠢᠶ᠎ᠡ ᠶᠢᠨ ᠬᠠᠮᠢᠶᠠᠷᠤᠯᠲᠠ ᠶᠢᠨ ᠲᠠᠯ᠎ᠠ ᠪᠠᠷ | ᠡᠪᠡᠰᠦᠨ ᠬᠠᠯᠬᠠᠪᠴᠢ ᠶᠢ ᠨᠢ ᠰᠡᠬᠦᠵᠦ ᠂ ᠰᠠᠯᠬᠢ ᠨᠡᠪᠲᠡᠷᠡᠭᠦᠯᠬᠦ ᠠᠮᠠᠰᠠᠷ ᠢ ᠨᠢ ᠬᠠᠭᠠᠵᠤ ᠂ ᠳᠤᠯᠠᠭᠠᠨ ᠤ ᠬᠡᠮᠵᠢᠶ᠎ᠡ ᠶᠢ ᠨᠢ ᠲᠣᠬᠢᠷᠠᠭᠤᠯᠵᠤ ᠂ ᠥᠷᠭᠡᠰᠦᠲᠦ ᠬᠡᠮᠬᠡ ᠶᠢᠨ | ᠤᠷᠭᠤᠯᠲᠠ ᠶᠢᠨ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠶᠢ ᠪᠠᠲᠤᠯᠠᠬᠤ ᠬᠡᠷᠡᠭᠲᠡᠢ ᠃ | ᠳᠥᠷᠪᠡ ᠂ ᠭᠤᠸ᠎ᠠ ᠰᠠᠭᠤᠬᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠨᠠᠮᠤᠷ ᠡᠪᠦᠯ ᠤᠨ ᠭᠤᠤᠷᠰᠤ ᠶᠢᠨ ᠥᠷᠭᠡᠰᠦᠲᠦ ᠬᠡᠮᠬᠡ ᠶᠢᠨ ᠭᠤᠸ᠎ᠠ ᠰᠠᠭᠤᠬᠤ | ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠄ ᠡᠨᠡ ᠬᠤᠭᠤᠴᠠᠭᠠᠨ ᠳᠤ ᠭᠤᠸ᠎ᠠ ᠶᠢᠨ ᠴᠢᠬᠢ ᠨᠢᠭᠡᠨᠲᠡ ᠬᠥᠭᠰᠢᠷᠡᠵᠦ ᠡᠬᠢᠯᠡᠪᠡ ᠂ ᠥᠷᠭᠡᠰᠦᠲᠦ ᠬᠡᠮᠬᠡ ᠶᠢᠨ | ᠤᠷᠭᠤᠯᠲᠠ ᠶᠢᠨ ᠬᠤᠭᠤᠴᠠᠭ᠎ᠠ ᠶᠢ ᠤᠷᠲᠤᠳᠬᠠᠨ ᠂ ᠤᠨᠠᠯᠲᠠ ᠶᠢ ᠨᠡᠮᠡᠭᠳᠡᠭᠦᠯᠵᠦ ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ | ᠳᠤᠯᠠᠭᠠᠨ ᠤ ᠬᠡᠮᠵᠢᠶ᠎ᠡ ᠶᠢᠨ ᠬᠠᠮᠢᠶᠠᠷᠤᠯᠲᠠ ᠶᠢ ᠴᠢᠩᠭᠠᠳᠬᠠᠪᠠᠯ ᠵᠣᠬᠢᠨ᠎ᠠ ᠃ ᠬᠦᠯᠡᠮᠵᠢ ᠶᠢᠨ ᠳᠣᠲᠣᠷ᠎ᠠ ᠳᠤᠯᠠᠭᠠᠨ ᠢ ᠨᠡᠮᠡᠭᠳᠡᠭᠦᠯᠬᠦ ᠂ ᠳᠤᠯᠠᠭᠠᠨ ᠢ ᠬᠠᠳᠠᠭᠠᠯᠠᠬᠤ | ᠠᠷᠭ᠎ᠠ ᠬᠡᠮᠵᠢᠶ᠎ᠡ ᠠᠪᠴᠤ ᠂ ᠡᠳᠦᠷ ᠤᠨ ᠳᠤᠯᠠᠭᠠᠨ ᠤ ᠬᠡᠮᠵᠢᠶ᠎ᠡ ᠶᠢ 25~30℃ ᠪᠠᠶᠢᠯᠭᠠᠵᠤ ᠂ ᠦᠳᠡ ᠶᠢᠨ ᠳᠤᠯᠠᠭᠠᠨ ᠤ ᠬᠡᠮᠵᠢᠶ᠎ᠡ ᠶᠢ 32℃ ᠪᠣᠯᠲᠠᠯ᠎ᠠ | ᠳᠡᠭᠡᠭᠰᠢᠯᠡᠭᠦᠯᠬᠦ ᠬᠡᠷᠡᠭᠲᠡᠢ ᠃ | |