| ᠵᠢᠯ ᠤᠨ ᠡᠴᠦᠰ ᠣᠶᠢᠷᠠᠳᠴᠤ ᠪᠠᠶᠢᠭ᠎ᠠ ᠦᠶ᠎ᠡ ᠳᠤ ᠂ ᠬᠡᠷᠡᠭᠯᠡᠭᠴᠢᠳ ᠢ ᠤᠷᠮᠠᠰᠢᠭᠤᠯᠤᠨ ᠲᠠᠲᠠᠬᠤ ᠶᠢᠨ ᠲᠥᠯᠥᠭᠡ ᠂ ᠬᠡᠰᠡᠭ ᠮᠠᠰᠢᠨ ᠲᠡᠷᠭᠡᠨ ᠤ ᠨᠠᠷᠠᠲᠤ | ᠲᠡᠮᠳᠡᠭᠲᠦ ᠳᠤ ᠮᠠᠰᠢᠨ ᠲᠡᠷᠭᠡ ᠬᠤᠳᠠᠯᠳᠤᠨ ᠠᠪᠬᠤ ᠨᠥᠬᠦᠪᠥᠷᠢ ᠂ ᠬᠤᠭᠤᠴᠠᠭ᠎ᠠ ᠬᠢᠵᠠᠭᠠᠷᠯᠠᠨ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠬᠡᠮᠵᠢᠶ᠎ᠡ ᠠᠪᠴᠠᠶ ᠃ | ᠱᠠᠩᠬᠠᠶ ᠶᠢᠨ ᠨᠢᠭᠡᠨ ᠮᠠᠰᠢᠨ ᠲᠡᠷᠭᠡᠨ ᠤ 4 S ᠳᠡᠯᠭᠡᠭᠦᠷ ᠤᠨ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ ᠂ 12 ᠰᠠᠷ᠎ᠠ ᠠᠴᠠ ᠨᠠᠭᠠᠰᠢ ᠵᠠᠬ᠎ᠠ | ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ ᠂ ᠲᠣᠰ ᠨᠠᠷᠠᠲᠤ ᠲᠡᠮᠳᠡᠭᠲᠦ ᠶᠢᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠴᠥᠭᠡᠨ | ᠪᠤᠰᠤ ᠬᠢᠪᠡ ᠂ ᠨᠢᠭᠡᠨ ᠴᠤᠯᠤ ᠴᠠᠬᠢᠯᠭᠠᠨ ᠲᠡᠷᠭᠡ ᠶᠢᠨ ᠬᠠᠷᠠᠭᠠᠯᠵᠠᠯ ᠤᠨ ᠡᠷᠴᠢᠮ ᠨᠢ ᠨᠢᠭᠡᠨᠲᠡ ᠬᠤᠶᠠᠷ ᠲᠦᠮᠡᠨ ᠲᠥᠭᠦᠷᠢᠭ ᠲᠤ ᠬᠦᠷᠴᠦ ᠂ ᠣᠲᠣ ᠳᠡᠯᠭᠡᠭᠦᠷ ᠤᠨ | ᠡᠳᠦᠷ ᠪᠦᠷᠢ ᠶᠢᠨ ᠳᠤᠮᠳᠠᠴᠢ ᠪᠠᠷ ᠲᠤᠰᠢᠶᠠᠨ ᠦᠭᠭᠦ ᠬᠡᠮᠵᠢᠶ᠎ᠡ ᠨᠢ 20 ᠰᠢᠬᠠᠮ ᠪᠤᠯᠵᠠᠢ ᠃ ᠡᠭᠦᠨ ᠠᠴᠠ ᠭᠠᠳᠠᠨ᠎ᠠ ᠂ ᠵᠢᠯ ᠤᠨ ᠡᠴᠦᠰ ᠲᠤ ᠡᠯ᠎ᠡ ᠲᠣᠮᠣ ᠮᠠᠰᠢᠨ | ᠲᠡᠷᠭᠡᠨ ᠤ ᠠᠵᠤ ᠠᠬᠤᠶᠢᠯᠠᠯ ᠨᠢ ︽ ᠲᠣᠰᠣ ᠰᠢᠲᠠᠭᠠᠬᠤ ᠮᠠᠰᠢᠨ ᠲᠡᠷᠭᠡ ᠶᠢ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠪᠤᠯᠭᠠᠨ ︾ ᠰᠣᠯᠢᠬᠤ ᠲᠠᠯ᠎ᠠ ᠪᠠᠷ ᠴᠤ | ᠬᠠᠷᠠᠭᠠᠯᠵᠠᠯ ᠦᠵᠡᠭᠦᠯᠬᠦ ᠠᠵᠢᠯᠯᠠᠭ᠎ᠠ ᠥᠷᠨᠢᠭᠦᠯᠵᠡᠶ ᠭᠡᠪᠡ ᠃ ᠰᠦᠵᠧᠦ ᠶᠢᠨ ᠨᠢᠭᠡᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ 4 S ᠳᠡᠯᠭᠡᠭᠦᠷ ᠲᠤ ᠂ ᠲᠡᠷᠭᠡᠨ ᠤ | ᠡᠵᠡᠨ ᠪᠦᠦ ᠠᠪᠤᠭᠠᠶ 6 ᠵᠢᠯ ᠪᠠᠷᠢᠬᠰᠠᠨ ᠲᠣᠰᠣ ᠰᠢᠲᠠᠭᠠᠬᠤ ᠮᠠᠰᠢᠨ ᠲᠡᠷᠭᠡ ᠪᠠᠷ ᠢᠶᠠᠨ ᠰᠢᠨ᠎ᠡ ᠡᠨᠧᠷᠭᠢ ᠶᠢᠨ ᠮᠠᠰᠢᠨ ᠲᠡᠷᠭᠡ ᠰᠤᠯᠢᠬᠤ ᠭᠡᠵᠦ ᠪᠠᠶᠢᠪᠠ ᠂ ᠲᠡᠷᠡ | 5000 ᠲᠥᠭᠦᠷᠢᠭ ᠤᠨ ᠨᠥᠬᠦᠪᠥᠷᠢ ᠭᠥᠷᠳᠡᠬᠦ ᠪᠣᠯᠤᠨ᠎ᠠ ᠃ ᠬᠠᠷᠢᠭᠤᠴᠠᠯᠭᠠᠲᠠᠨ ᠰᠤᠷᠪᠤᠯᠵᠢᠯᠠᠭᠴᠢ ᠳᠤ ᠂ ᠡᠨᠡ ᠵᠢᠯ ᠤᠨ ᠲᠤᠤᠷᠠᠳᠤ ᠬᠠᠭᠠᠰ ᠵᠢᠯ ᠠᠴᠠ ᠡᠬᠢᠯᠡᠨ ᠂ | ᠬᠡᠷᠡᠭᠯᠡᠭᠴᠢ ᠶᠢᠨ ᠮᠠᠰᠢᠨ ᠲᠡᠷᠭᠡ ᠪᠠᠨ ᠰᠣᠯᠢᠬᠤ ᠬᠡᠷᠡᠭᠴᠡᠭᠡ ᠮᠠᠰᠢ ᠶᠡᠭᠡ ᠪᠤᠯᠵᠤ ᠂ ᠡᠭᠦᠳᠡᠨ ᠳᠡᠯᠭᠡᠭᠦᠷ ᠤᠨ ᠪᠣᠷᠣᠯᠠᠭᠤᠯᠤᠭᠰᠠᠨ 70% ᠶᠢᠨ ᠮᠠᠰᠢᠨ ᠲᠡᠷᠭᠡ ᠨᠢ | ᠴᠥᠮ ᠲᠣᠰᠣ ᠰᠢᠲᠠᠭᠠᠬᠤ ᠮᠠᠰᠢᠨ ᠲᠡᠷᠭᠡ ᠪᠠᠷ ᠰᠢᠨ᠎ᠡ ᠡᠨᠧᠷᠭᠢ ᠶᠢᠨ ᠮᠠᠰᠢᠨ ᠲᠡᠷᠭᠡ ᠰᠤᠯᠢᠬᠰᠠᠨ ᠪᠠᠶᠢᠨ᠎ᠠ ᠭᠡᠵᠦ ᠬᠡᠯᠡᠪᠡ ᠃ | | | | ᠮᠠᠰᠢᠨ ᠲᠡᠷᠭᠡᠨ ᠤ ᠠᠵᠤ ᠠᠬᠤᠶᠢᠯᠠᠯ ᠂ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠠᠴᠠ ᠭᠠᠳᠠᠨ᠎ᠠ ᠂ | ᠣᠯᠠᠨᠭᠠᠵᠠᠷ ᠤᠨ ᠵᠠᠰᠠᠭ ᠤᠨ ᠣᠷᠳᠣᠨ ᠨᠢ ᠪᠠᠰᠠ ᠮᠠᠰᠢᠨ ᠲᠡᠷᠭᠡ ᠬᠤᠳᠠᠯᠳᠤᠨ ᠠᠪᠬᠤ ᠬᠡᠷᠡᠭᠯᠡᠭᠡᠨ ᠤ ᠲᠡᠮᠳᠡᠭᠲᠦ ᠵᠡᠷᠭᠡ ᠨᠥᠬᠦᠪᠥᠷᠢ ᠶᠢᠨ ᠲᠥᠷᠥ ᠵᠢᠨᠪᠣᠳᠣᠯᠭ᠎ᠠ ᠶᠢ | ᠵᠠᠯᠭᠠᠭ᠎ᠠ ᠪᠠᠷ ᠭᠠᠷᠭᠠᠵᠠᠢ ᠃ 11 ᠰᠠᠷ᠎ᠠ ᠶᠢᠨ ᠰᠡᠭᠦᠯᠴᠢ ᠠᠴᠠ ᠨᠠᠭᠠᠰᠢ ᠂ ᠰᠦᠵᠧᠦ ᠬᠤᠲᠠ ᠨᠢ ᠮᠠᠰᠢᠨ ᠲᠡᠷᠭᠡ ᠬᠤᠳᠠᠯᠳᠤᠨ ᠠᠪᠬᠤ ᠳᠤ ᠪᠠᠷᠢᠮᠵᠢᠶ᠎ᠠ ᠥᠬᠡᠶ | ᠲᠣᠭᠠᠴᠢᠯᠠᠭᠰᠠᠨ ᠠᠷᠠᠳ ᠤᠨ ᠵᠣᠭᠤᠰ ᠤᠨ ᠤᠯᠠᠭᠠᠨ ᠪᠠᠭᠯᠠᠭ᠎ᠠ ᠶᠢᠨ ᠨᠥᠬᠦᠪᠥᠷᠢ ᠭᠠᠷᠭᠠᠪᠠ ᠂ ᠮᠠᠰᠢᠨ ᠲᠡᠷᠭᠡ ᠬᠤᠳᠠᠯᠳᠤᠨ ᠠᠪᠬᠤ ᠦᠨ᠎ᠡ ᠨᠢ 20 ᠲᠦᠮᠡᠨ | ᠲᠥᠭᠦᠷᠢᠭ ᠠᠴᠠ 30 ᠲᠦᠮᠡᠨ ᠲᠥᠭᠦᠷᠢᠭ ᠪᠠᠶᠢᠪᠠᠯ 4000 ᠲᠥᠭᠦᠷᠢᠭ ᠤᠨ ᠤᠯᠠᠭᠠᠨ ᠪᠠᠭᠯᠠᠭ᠎ᠠ ᠠᠪᠴᠤ ᠪᠣᠯᠤᠨ᠎ᠠ ᠂ 30 ᠲᠦᠮᠡᠨ ᠲᠥᠭᠦᠷᠢᠭ ᠠᠴᠠ ᠳᠡᠭᠡᠭᠰᠢ | ᠪᠠᠶᠢᠪᠠᠯ 6000 ᠲᠥᠭᠦᠷᠢᠭ ᠤᠨ ᠤᠯᠠᠭᠠᠨ ᠪᠠᠭᠯᠠᠭ᠎ᠠ ᠶᠢᠨ ᠨᠥᠬᠦᠪᠥᠷᠢ ᠠᠪᠴᠤ ᠪᠣᠯᠤᠨ᠎ᠠ ᠃ 4 S ᠳᠡᠯᠭᠡᠭᠦᠷ ᠤᠨ ᠨᠢᠭᠡ ᠬᠠᠷᠢᠭᠤᠴᠠᠯᠭᠠᠲᠠᠨ | ᠰᠤᠷᠪᠤᠯᠵᠢᠯᠠᠭᠴᠢ ᠳᠤ ᠬᠡᠯᠡᠬᠦ ᠳᠡᠭᠡᠨ ᠂ ᠵᠠᠰᠠᠭ ᠤᠨ ᠣᠷᠳᠣᠨ ᠤ ᠨᠥᠬᠦᠪᠥᠷᠢ ᠳᠡᠭᠡᠷ᠎ᠡ ᠨᠠᠷᠠᠲᠤ ᠲᠡᠮᠳᠡᠭᠲᠦ ᠶᠢᠨ ᠬᠠᠷᠠᠭᠠᠯᠵᠠᠯ ᠢ ᠨᠡᠮᠡᠭᠰᠡᠨ ᠢᠶᠠᠷ ᠴᠥᠭᠡᠨ ᠪᠤᠰᠤ | ᠬᠡᠷᠡᠭᠯᠡᠭᠴᠢᠳ ᠤᠷᠮᠠᠰᠢᠵᠤ ᠲᠡᠷᠭᠡ ᠵᠠᠬᠢᠶᠠᠯᠠᠪᠠ ᠃ ᠡᠭᠦᠨ ᠳᠤ 20 ᠲᠦᠮᠡᠨ ᠲᠥᠭᠦᠷᠢᠭ ᠠᠴᠠ ᠳᠡᠭᠡᠭᠰᠢᠬᠢ ᠲᠣᠰᠣ ᠰᠢᠲᠠᠭᠠᠳᠠᠭ ᠮᠠᠰᠢᠨ ᠲᠡᠷᠭᠡᠨ ᠳᠤ 4000 | ᠲᠥᠭᠦᠷᠢᠭ ᠤᠨ ᠨᠥᠬᠦᠪᠥᠷᠢ ᠥᠭᠴᠦ ᠂ ᠰᠢᠨ᠎ᠡ ᠡᠨᠧᠷᠭᠢ ᠶᠢᠨ ᠮᠠᠰᠢᠨ ᠲᠡᠷᠭᠡᠨ ᠳᠤ 5000 ᠲᠥᠭᠦᠷᠢᠭ ᠤᠨᠨᠥ᠋ᠬᠦᠪᠥᠷᠢ ᠦᠭᠴᠦ ᠪᠤᠢ ᠃ ᠱᠧᠨᠵᠧᠨ ᠂ ᠵᠢᠨᠠᠨ ᠂ | ᠴᠠᠩᠱᠠ ᠂ ᠵᠢᠶᠠ ᠰᠢᠩ ᠵᠡᠷᠭᠡ ᠭᠠᠵᠠᠷ ᠤᠨ ᠬᠢᠨ ᠴᠤ ᠣᠶᠢᠷ᠎ᠠ ᠳᠤ ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠭᠠᠷᠭᠠᠵᠠᠶ | ᠬᠡᠪᠡ ᠃ | | |