| ︵ ᠬᠡᠷᠡᠭ ᠤᠨ ᠵᠢᠱᠢᠶ᠎ᠡ ︶ ᠯᠢ ᠣᠪᠣᠭᠲᠠᠨ ᠤᠤᠯ ᠠᠴᠠ ᠪᠠᠨ ᠭᠤᠷᠪᠠᠨ ᠳᠠᠰᠤᠯᠭ᠎ᠠ ᠰᠠᠭᠤᠬᠤ ᠪᠠᠶᠢᠰᠢᠩ ᠲᠠᠢ ᠪᠠᠶᠢᠵᠤ ᠂ 1997 ᠣᠨ ᠳᠤ ᠣᠷᠣᠨ | ᠰᠠᠭᠤᠴᠠ ᠶᠢᠨ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠲᠠᠯ᠎ᠠ ᠪᠠᠷ ᠬᠦᠷᠰᠢ ᠵᠡᠷᠭᠡᠯᠡᠳᠡᠭᠡ ᠲᠠᠢ ᠪᠠᠨ ᠵᠥᠷᠢᠯᠳᠦᠭᠡᠨ ᠭᠠᠷᠤᠭᠰᠠᠨ ᠳᠤ ᠳᠣᠰᠬᠤᠨ ᠤ ᠠᠷᠠᠳ ᠤᠨ | ᠵᠥᠪᠯᠡᠯ ᠠᠴᠠ ᠡᠶᠡᠳᠡᠭᠦᠯᠭᠡ ᠬᠢᠵᠦ ᠯᠢ ᠣᠪᠣᠭᠲᠠᠨ ᠢ ᠭᠡᠷ ᠪᠠᠶᠢᠰᠢᠩ ᠤᠨ ᠣᠷᠣᠨ ᠰᠠᠭᠤᠴᠠ ᠶᠢᠨ ᠭᠠᠵᠠᠷ ᠠᠰᠳᠠᠭᠠᠨ ᠭᠤᠶᠤᠪᠴᠢᠯᠠᠬᠤ ᠶᠢ ᠵᠥᠪᠰᠢᠶᠡᠷᠡᠨ ᠬᠠᠭᠤᠴᠢᠨ | ᠰᠠᠭᠤᠵᠤ ᠪᠠᠶᠢᠭᠰᠠᠨ ᠣᠷᠣᠨ ᠰᠠᠭᠤᠴᠠ ᠶᠢᠨ ᠭᠠᠵᠠᠷ ᠢᠶᠠᠨ ᠬᠠᠮᠲᠤ ᠨᠡᠶᠢᠲᠡ ᠳᠤ ᠥᠭᠬᠦ ᠪᠠᠷ ᠪᠣᠯᠵᠤ ᠳᠣᠰᠬᠤᠨ ᠤ ᠵᠥᠪᠯᠡᠯ ᠲᠠᠢ ᠭᠡᠷ᠎ᠡ ᠪᠢᠴᠢᠭ ᠪᠢᠴᠢᠵᠦ ᠭᠠᠷ ᠤᠨ | ᠦᠰᠦᠭ ᠵᠢᠷᠤᠪᠠ ᠃ ᠯᠢ ᠣᠪᠣᠭᠲᠠᠨ 1998 ᠣᠨ ᠤ 1 ᠰᠠᠷ᠎ᠠ ᠳᠤ ᠪᠠᠶᠢᠰᠢᠩ ᠪᠠᠷᠢᠬᠤ ᠪᠠᠷ ᠭᠤᠶᠤᠪᠴᠢᠯᠠᠪᠠ ᠂ ᠪᠠᠯᠭᠠᠰᠤᠨ ᠤ ᠵᠠᠰᠠᠭ ᠤᠨ ᠣᠷᠳᠣᠨ ᠠᠴᠠ 3 | ᠰᠠᠷ᠎ᠠ ᠳᠤ ᠲᠡᠭᠦᠨ ᠤ ᠳᠥᠷᠪᠡᠨ ᠳᠠᠰᠤᠯᠭ᠎ᠠ ᠭᠡᠷ ᠪᠠᠷᠢᠬᠤ ᠪᠠ ᠡᠵᠡᠯᠡᠬᠦ ᠲᠠᠯᠠᠪᠠᠢ ᠨᠢᠭᠡᠴᠡ ᠶᠢ ᠲᠣᠭᠲᠠᠭᠠᠬᠤ ᠶᠢᠨ ᠬᠠᠮᠲᠤ ᠯᠢ ᠣᠪᠣᠭᠲᠠᠨ ᠳᠤ ᠪᠠᠶᠢᠰᠢᠩ ᠪᠠᠷᠢᠬᠤ ᠶᠢ | ᠵᠥᠪᠰᠢᠶᠡᠷᠡᠭᠰᠡᠨ ᠦᠨᠡᠮᠯᠡᠯ ᠢ ᠣᠯᠭᠤᠪᠠ ᠃ ᠲᠤᠰ ᠵᠢᠯ ᠤᠨ 7 ᠰᠠᠷ᠎ᠠ ᠳᠤ ᠯᠢ ᠣᠪᠣᠭᠲᠠᠨ ᠰᠢᠨ᠎ᠡ ᠭᠡᠷ ᠪᠠᠶᠢᠰᠢᠩ ᠢᠶᠠᠨ ᠪᠠᠷᠢᠵᠤ ᠳᠠᠭᠤᠰᠬᠠᠭᠰᠠᠨ ᠤ ᠳᠠᠷᠠᠭ᠎ᠠ | ᠳᠣᠰᠬᠤᠨ ᠤ ᠵᠥᠪᠯᠡᠯ ᠲᠠᠢ ᠪᠢᠴᠢᠭᠰᠡᠨ ᠭᠡᠷ᠎ᠡ ᠪᠠᠨ ᠵᠥᠪᠰᠢᠶᠡᠷᠡᠬᠦ ᠦᠭᠡᠢ ᠪᠣᠯᠵᠤ ᠂ ᠬᠠᠭᠤᠴᠢᠨ 3 ᠳᠠᠰᠤᠯᠭ᠎ᠠ ᠪᠠᠶᠢᠰᠢᠩ ᠢᠶᠠᠨ ᠨᠤᠷᠠᠭᠠᠬᠤ ᠦᠭᠡᠢ ᠮᠥᠷᠲᠡᠭᠡᠨ | ᠣᠷᠣᠨ ᠰᠠᠭᠤᠴᠠ ᠶᠢᠨ ᠭᠠᠵᠠᠷ ᠢᠶᠠᠨ ᠬᠠᠮᠲᠤ ᠨᠡᠶᠢᠲᠡ ᠳᠤ ᠳᠤᠰᠢᠶᠠᠬᠤ ᠦᠭᠡᠢ ᠭᠡᠪᠡ ᠃ ᠡᠶᠢᠮᠦ ᠠᠴᠠ ᠲᠣᠰᠬᠤᠨ ᠤ ᠵᠥᠪᠯᠡᠯ ᠨᠢ ᠪᠠᠯᠭᠠᠰᠤᠨ ᠤ ᠵᠠᠰᠠᠭ ᠤᠨ | ᠣᠷᠳᠤᠨ ᠳᠤ ᠵᠠᠭᠠᠯᠳᠤᠪᠠ ᠂ ᠪᠠᠯᠭᠠᠰᠤᠨ ᠤ ᠵᠠᠰᠠᠭ ᠤᠨ ᠣᠷᠳᠣᠨ ᠠᠴᠠ ᠪᠠᠶᠢᠴᠠᠭᠠᠯᠲᠠ ᠬᠢᠬᠦ ᠳᠤᠮᠳᠠ ᠯᠢ ᠣᠪᠣᠭᠲᠠᠨ ᠤ ᠰᠢᠨ᠎ᠡ ᠭᠡᠷ ᠪᠠᠶᠢᠰᠢᠩ ᠨᠢ ᠵᠥᠪᠰᠢᠶᠡᠷᠡᠭᠰᠡᠨ | ᠲᠠᠯᠠᠪᠠᠢ ᠨᠢᠭᠡᠴᠡ ᠠᠴᠠ ᠢᠯᠡᠭᠦᠦ ᠪᠣᠯᠣᠭᠰᠠᠨ ᠢ ᠮᠡᠳᠡᠭᠡᠳ 1999 ᠣᠨ ᠤ 9 ᠰᠠᠷ᠎ᠠ ᠶᠢᠨ 8 ᠤ ᠡᠳᠦᠷ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠵᠦ ᠳᠤᠤᠷᠠᠬᠢ ᠮᠡᠲᠦ ᠰᠢᠢᠳᠪᠦᠷᠢ ᠭᠠᠷᠭᠠᠪᠠ ᠄ ︵ 1 ︶ ᠯᠢ ᠣᠪᠣᠭᠲᠠᠨ ᠵᠠᠷᠯᠢᠭ ᠢᠶᠠᠷ 15 ᠡᠳᠦᠷ ᠤᠨ ᠳᠣᠲᠣᠷ᠎ᠠ ᠬᠠᠭᠤᠴᠢᠨ | ᠣᠷᠣᠨ ᠰᠠᠭᠤᠴᠠ ᠶᠢᠨ ᠭᠠᠵᠠᠷ ᠳᠡᠭᠡᠷᠡᠬᠢ ᠭᠡᠷ ᠪᠠᠶᠢᠰᠢᠩ ᠪᠠ ᠰᠢᠨ᠎ᠡ ᠭᠡᠷ ᠤᠨ ᠲᠣᠭᠲᠠᠭᠠᠭᠰᠠᠨ ᠲᠠᠯᠠᠪᠠᠢ ᠨᠢᠭᠡᠴᠡ ᠠᠴᠠ ᠢᠯᠡᠭᠦᠦ ᠪᠣᠯᠣᠭᠰᠠᠨ ᠭᠡᠷ ᠪᠠᠶᠢᠰᠢᠩ ᠢᠶᠠᠨ | ᠨᠤᠷᠠᠭᠠᠬᠤ ᠶᠢᠨ ᠬᠠᠮᠲᠤ ᠤᠤᠯ ᠤᠨ ᠣᠷᠣᠨ ᠰᠠᠭᠤᠴᠠ ᠶᠢᠨ ᠭᠠᠵᠠᠷ ᠢᠶᠠᠨ ᠬᠠᠮᠲᠤ ᠨᠡᠶᠢᠲᠡ ᠳᠤ ᠪᠤᠴᠠᠭᠠᠨ ᠳᠤᠰᠢᠶᠠᠬᠤ ᠬᠡᠷᠡᠭᠲᠡᠢ ᠃ ︵ 2 ︶ ᠬᠠᠤᠯᠢ ᠪᠤᠰᠤ ᠪᠠᠷ | ᠭᠠᠵᠠᠷ ᠰᠢᠷᠣᠢ ᠡᠵᠡᠯᠡᠭᠰᠡᠨ ᠰᠦᠢᠳᠬᠡᠯ 220 ᠲᠥᠭᠦᠷᠢᠭ ᠳᠤᠰᠢᠶᠠᠬᠤ ᠬᠡᠷᠡᠭᠲᠡᠢ ᠃ ᠯᠢ ᠣᠪᠣᠭᠲᠠᠨ ᠶᠠᠯᠠᠯᠠᠨ ᠲᠣᠷᠭᠠᠬᠤ ᠶᠢ ᠡᠰᠡ ᠬᠦᠯᠢᠶᠡᠨ ᠠᠷᠠᠳ ᠤᠨ ᠰᠢᠭᠦᠬᠦ | ᠬᠤᠷᠢᠶᠠᠨ ᠳᠤ ᠵᠠᠭᠠᠯᠳᠤᠪᠠ ᠂ ᠰᠢᠭᠦᠬᠦ ᠬᠤᠷᠢᠶ᠎ᠠ ᠬᠢᠨᠠᠨ ᠪᠠᠶᠢᠴᠠᠭᠠᠭᠰᠠᠨ ᠤ ᠳᠠᠷᠠᠭ᠎ᠠ ᠵᠠᠭᠠᠯᠳᠤᠭᠴᠢ ᠯᠢ ᠣᠪᠣᠭᠲᠠᠨ ᠳᠣᠰᠬᠤᠨ ᠤ ᠵᠥᠪᠯᠡᠯ ᠲᠠᠢ ᠬᠠᠭᠤᠴᠢᠨ ᠣᠷᠣᠨ | ᠰᠠᠭᠤᠴᠠ ᠶᠢᠨ ᠭᠡᠷ ᠪᠠᠶᠢᠰᠢᠩ ᠢᠶᠠᠨ ᠨᠤᠷᠠᠭᠠᠬᠤ ᠭᠡᠷ᠎ᠡ ᠶᠢ ᠪᠢᠴᠢᠭᠰᠡᠨ ᠪᠥᠭᠡᠳ ᠰᠢᠨ᠎ᠡ ᠭᠡᠷ ᠪᠠᠶᠢᠰᠢᠩ ᠨᠢ ᠲᠣᠭᠲᠠᠭᠰᠠᠨ ᠲᠠᠯᠠᠪᠠᠢ ᠨᠢᠭᠡᠴᠡ ᠠᠴᠠ ᠢᠯᠡᠭᠦᠦ | ᠪᠣᠯᠣᠭᠰᠠᠨ ᠨᠢ ᠦᠨᠡᠨ ᠪᠤᠲᠠᠲᠤ ᠠᠰᠠᠭᠤᠳᠠᠯ ᠪᠣᠯᠣᠨ᠎ᠠ ᠃ ᠡᠶᠢᠮᠦ ᠠᠴᠠ ᠵᠠᠰᠠᠭ ᠤᠨ ᠣᠷᠳᠣᠨ ᠠᠴᠠ ᠯᠢ ᠣᠪᠣᠭᠲᠠᠨ ᠢ ᠤᠤᠯ ᠤᠨ ᠭᠡᠷ ᠪᠠᠶᠢᠰᠢᠩ ᠢ ᠨᠤᠷᠠᠭᠠᠬᠤ | ᠪᠤᠶᠤ ᠲᠣᠭᠲᠠᠭᠰᠠᠨ ᠲᠠᠯᠠᠠᠪᠠᠢ ᠨᠢᠭᠡᠴᠡ ᠠᠴᠠ ᠢᠯᠡᠭᠦᠦ ᠡᠵᠡᠯᠡᠨ ᠪᠠᠷᠢᠭᠰᠠᠨ ᠰᠢᠨ᠎ᠡ ᠪᠠᠶᠢᠰᠢᠩ ᠤᠨ ᠭᠡᠰᠡᠭ ᠢᠶᠠᠨ ᠨᠤᠷᠠᠭᠠᠬᠤ ᠶᠢ ᠵᠠᠷᠯᠢᠭᠳᠠᠬᠤ ᠡᠷᠬᠡ ᠲᠠᠢ ᠂ ᠭᠡᠲᠡᠯ᠎ᠡ | ᠵᠣᠭᠤᠰ ᠢᠶᠠᠷ ᠲᠣᠷᠭᠤᠭᠠᠬᠤ ᠪᠤᠶᠤ ᠰᠦᠢᠳᠬᠡᠯ ᠬᠤᠷᠢᠶᠠᠬᠤ ᠨᠢ ᠬᠠᠤᠯᠢ ᠶᠢᠨ ᠦᠨᠳᠦᠰᠦ ᠪᠠᠷᠢᠮᠲᠠ ᠦᠭᠡᠢ ᠃ ᠰᠢᠭᠦᠬᠦ ᠬᠤᠷᠢᠶ᠎ᠠ ᠠᠴᠠ ᠵᠠᠰᠠᠭ ᠤᠨ ᠣᠷᠳᠣᠨ ᠤ | ᠰᠢᠢᠳᠪᠦᠷᠢ ᠶᠢᠨ ︵ 1 ︶ ᠳ᠋ᠦ᠋ᠭᠡᠷ ᠵᠣᠷᠪᠣᠰ ᠢ ᠳᠠᠮᠵᠢᠵᠦ ︵ 2 ︶ ᠂ ︵ 3 ︶ ᠳ᠋ᠤᠭᠠᠷ ᠵᠤᠷᠪᠤᠰ ᠬᠦᠴᠦᠨ ᠦᠭᠡᠢ ᠲᠤᠯᠠ ᠦᠭᠡᠶᠢᠰᠬᠡᠬᠦ ᠬᠡᠷᠡᠭᠲᠡᠢ ᠭᠡᠵᠡᠢ ᠃ | ︵ ᠬᠡᠷᠡᠭ ᠤᠨ ᠳᠠᠰᠤᠯᠤᠯᠲᠠ ᠶᠢ ᠵᠠᠳᠠᠯᠠᠬᠤ ᠨᠢ ︶ | ︽ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠶᠢᠨ ᠳᠠᠯᠠᠨ ᠳᠣᠯᠣᠳᠤᠭᠠᠷ ᠵᠤᠷᠪᠤᠰ ᠲᠤ ᠄ ᠬᠥᠳᠡᠭᠡ ᠳᠣᠰᠬᠤᠨ ᠤ ᠭᠠᠴᠠᠭ᠎ᠠ ᠶᠢᠨ ᠠᠷᠠᠳ ᠵᠥᠪᠰᠢᠶᠡᠷᠡᠯ | ᠣᠯᠣᠭᠰᠠᠨ ᠦᠭᠡᠢ ᠪᠤᠶᠤ ᠮᠡᠬᠡᠯᠡᠬᠦ ᠠᠷᠭ᠎ᠠ ᠪᠠᠷ ᠵᠥᠪᠰᠢᠶᠡᠷᠡᠯ ᠣᠯᠣᠭᠠᠳ ᠭᠠᠵᠠᠷ ᠰᠢᠷᠣᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠂ ᠣᠷᠣᠨ ᠰᠠᠭᠤᠴᠠ | ᠪᠠᠷᠢᠭᠰᠠᠨ ᠪᠠᠶᠢᠪᠠᠯ ᠂ ᠰᠢᠶᠡᠨ ᠤ ᠱᠠᠲᠤᠨ ᠠᠴᠠ ᠳᠡᠭᠡᠭᠰᠢ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠣᠢ ᠳᠡᠭᠡᠷ᠎ᠡ ᠰᠢᠨ᠎ᠡ ᠪᠠᠷ ᠪᠠᠷᠢᠭᠰᠠᠨ ᠭᠡᠷ ᠪᠠᠶᠢᠰᠢᠩ ᠢ ᠨᠢ | ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ ᠃ ᠡᠭᠦᠨ ᠠᠴᠠ ᠦᠵᠡᠪᠡᠯ ᠪᠠᠯᠭᠠᠰᠤᠨ ᠤ ᠵᠠᠰᠠᠭ ᠤᠨ ᠣᠷᠳᠣᠨ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠦᠢᠯᠡ | ᠠᠵᠢᠯᠯᠠᠭ᠎ᠠ ᠶᠢ ᠲᠣᠷᠭᠤᠭᠠᠨ ᠰᠢᠳᠬᠡᠬᠦ ᠡᠷᠬᠡ ᠦᠭᠡᠢ ᠃ ᠲᠣᠰ ᠬᠡᠷᠡᠭ ᠲᠤ ᠂ ᠪᠠᠯᠭᠠᠰᠤᠨ ᠤ ᠵᠠᠰᠠᠭ ᠤᠨ ᠣᠷᠳᠣᠨ ᠯᠢ ᠣᠪᠣᠭᠲᠠᠨ ᠠᠴᠠ ᠲᠣᠷᠭᠠᠭᠤᠯᠢ ᠶᠢᠨ ᠵᠣᠭᠤᠰ | ᠪᠠ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠠᠴᠠ ᠰᠦᠢᠳᠬᠡᠯ ᠬᠤᠷᠢᠶᠠᠬᠤ ᠰᠢᠢᠳᠪᠦᠷᠢ ᠨᠢ ᠬᠠᠤᠯᠢ ᠶᠢ ᠵᠥᠷᠢᠴᠡᠭᠰᠡᠨ ᠪᠣᠳᠠᠲᠤ ᠦᠢᠯᠡ ᠠᠵᠢᠯᠯᠠᠭ᠎ᠠ | ᠪᠣᠯᠬᠤᠷ ᠬᠦᠴᠦᠨ ᠦᠭᠡᠢ ᠪᠣᠯᠭᠠᠬᠤ ᠨᠢ ᠲᠠᠭᠠᠷᠠᠨ᠎ᠠ ᠃ | ︵ ᠬᠠᠤᠯᠢ ᠶᠢᠨ ᠡᠰᠢ ᠪᠠᠷᠢᠮᠲᠠ ︶ | ︽ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠶᠢᠨ ᠠᠷᠪᠠᠨ ᠵᠢᠷᠭᠤᠳᠤᠭᠠᠷ ᠵᠤᠷᠪᠤᠰ ᠲᠤ ᠄ ᠭᠠᠵᠠᠷ ᠰᠢᠷᠣᠢ ᠶᠢᠨ ᠥᠮᠴᠢᠯᠡᠬᠦ ᠡᠷᠬᠡ ᠪᠠ ᠬᠡᠷᠡᠭᠯᠡᠬᠦ | ᠡᠷᠬᠡ ᠶᠢᠨ ᠲᠤᠬᠠᠢ ᠮᠠᠷᠭᠤᠯᠳᠤᠭᠠᠨ ᠢ ᠲᠤᠬᠠᠢ ᠶᠢᠨ ᠬᠥᠮᠥᠰ ᠬᠤᠭᠤᠷᠣᠨᠳᠣ ᠪᠠᠨ ᠵᠥᠪᠳᠡᠯᠴᠡᠵᠦ ᠪᠠᠶᠢᠭᠠᠳ ᠰᠢᠢᠳᠪᠦᠷᠢᠯᠡᠨ᠎ᠡ ᠃ ᠵᠥᠪᠳᠡᠯᠴᠡᠭᠡᠳ ᠪᠦᠲᠦᠬᠦ ᠦᠭᠡᠢ | ᠪᠣᠯ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠯᠡᠨ᠎ᠡ ᠃ | ᠨᠢᠭᠡᠴᠢ ᠶᠢᠨ ᠬᠤᠭᠤᠷᠣᠨᠳᠣᠬᠢ ᠮᠠᠷᠭᠤᠯᠳᠤᠭᠠᠨ ᠢ ᠰᠢᠶᠠᠨ ᠤ ᠱᠠᠲᠤᠨ ᠳᠡᠭᠡᠭᠰᠢ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠯᠡᠨ᠎ᠡ ᠃ ᠬᠤᠪᠢ ᠬᠥᠮᠥᠨ ᠤ | ᠬᠤᠭᠤᠷᠤᠨᠳᠤᠬᠢ ᠂ ᠬᠤᠪᠢ ᠬᠥᠮᠥᠨ ᠪᠣᠯᠣᠨ ᠨᠢᠭᠡᠴᠢ ᠶᠢᠨ ᠬᠤᠭᠤᠷᠣᠨᠳᠤᠬᠢ ᠮᠠᠷᠭᠤᠯᠳᠤᠭᠠᠨ ᠢ ᠰᠤᠮᠤᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ | ᠰᠢᠶᠡᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠯᠡᠨ᠎ᠡ ᠃ ᠲᠤᠬᠠᠢ ᠶᠢᠨ ᠬᠥᠮᠥᠨ ᠨᠢ ᠬᠤᠯᠪᠣᠭᠳᠠᠯ ᠪᠦᠬᠦᠢ ᠠᠷᠠᠳ ᠤᠨ | ᠵᠠᠰᠠᠭ ᠤᠨ ᠣᠷᠳᠣᠨ ᠤ ᠰᠢᠢᠳᠪᠦᠷᠢᠯᠡᠭᠰᠡᠨ ᠲᠣᠭᠲᠠᠭᠠᠯ ᠢ ᠬᠦᠯᠢᠶᠡᠬᠦ ᠦᠭᠡᠢ ᠪᠣᠯ ᠰᠢᠢᠳᠪᠦᠷᠢᠯᠡᠭᠰᠡᠨ ᠲᠣᠭᠲᠠᠭᠠᠯ ᠤᠨ ᠮᠡᠳᠡᠭᠳᠡᠯ ᠢ ᠣᠯᠣᠭᠰᠠᠨ ᠡᠳᠦᠷ ᠠᠴᠠ | ᠡᠬᠢᠯᠡᠵᠦ ᠭᠤᠴᠢᠨ ᠡᠳᠦᠷ ᠤᠨ ᠲᠣᠲᠤᠷ᠎ᠠ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠣᠨ᠎ᠠ ᠃ ᠭᠠᠵᠠᠷ ᠰᠢᠷᠣᠢ ᠶᠢᠨ ᠥᠮᠴᠢᠯᠡᠬᠦ ᠡᠷᠬᠡ ᠪᠠ ᠬᠡᠷᠡᠭᠯᠡᠬᠦ | ᠡᠷᠬᠡ ᠶᠢᠨ ᠲᠤᠬᠠᠢ ᠮᠠᠷᠭᠤᠯᠳᠤᠭᠠᠨ ᠢ ᠰᠢᠢᠳᠪᠦᠷᠢᠯᠡᠬᠦ ᠠᠴᠠ ᠡᠮᠦᠨ᠎ᠡ ᠂ ᠠᠯᠢ ᠡᠲᠡᠭᠡᠳ ᠨᠢ ᠴᠤ ᠭᠡᠳ ᠭᠠᠵᠠᠷ ᠰᠢᠷᠣᠢ ᠶᠢ ᠠᠰᠢᠭᠯᠠᠵᠤ ᠪᠠᠶᠢᠭ᠎ᠠ ᠣᠳᠣᠬᠢ ᠪᠠᠶᠢᠳᠠᠯ ᠢ | ᠬᠤᠪᠢᠷᠠᠭᠤᠯᠵᠤ ᠪᠣᠯᠬᠤ ᠦᠭᠡᠢ ᠃ | | |