ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ 6 ᠲᠤᠰᠬᠠᠢ ᠲᠥᠯᠥᠪᠯᠡᠭᠡ
ᠨᠡᠶᠢᠲᠡᠯᠡᠭᠰᠡᠨ ᠴᠠᠭ᠄
2023/12/18
    ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠠᠵᠢᠯ ᠤᠨ ᠲᠣᠭᠲᠠᠭᠠᠯ ︾ ᠢ ᠦᠨᠳᠦᠰᠦᠯᠡᠪᠡᠯ ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠲᠥᠯᠥᠪᠯᠡᠭᠡ ᠳᠤ ᠳᠣᠣᠷᠠᠬᠢ ᠬᠡᠳᠦᠨ ᠵᠦᠢᠯ ᠪᠤᠢ ᠃ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠲᠤᠰᠬᠠᠢ ᠲᠥᠯᠥᠪᠯᠡᠭᠡ ᠄ ᠬᠥᠳᠡᠭᠡ ᠲᠣᠰᠬᠤᠨ ᠪᠠ ᠶᠠᠳᠠᠭᠤ ᠡᠴᠠ‌ᠠᠩᠭᠢᠵᠢᠷᠠᠭᠰᠠᠨ ᠭᠠᠵᠠᠷ ᠣᠷᠣᠨ ᠳᠤ ᠬᠠᠨᠳᠤᠭᠤᠯᠤᠭᠰᠠᠨ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠲᠤᠰᠬᠠᠢ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ ᠃ ᠡᠭᠦᠨ ᠳᠤ ᠤᠯᠤᠰ ᠂ ᠣᠷᠣᠨ ᠨᠤᠲᠤᠭ ᠂ ᠶᠡᠭᠡ ᠳᠡᠭᠡᠳᠦ ᠰᠤᠷᠭᠠᠭᠤᠯᠢ ᠶᠢᠨ ᠭᠤᠷᠪᠠᠨ ᠲᠤᠰᠬᠠᠢ ᠲᠥᠯᠥᠪᠯᠡᠭᠡ ᠪᠠᠭᠲᠠᠨ᠎ᠠ ᠃ ᠡᠨᠡ ᠵᠢᠯ  ᠠᠴᠠ ᠡᠬᠢᠯᠡᠨ ᠂ ᠥᠩᠭᠡᠷᠡᠭᠰᠡᠨ ᠵᠢᠯ ᠤᠳ ᠲᠤ ᠲᠤᠰᠬᠠᠢ ᠲᠥᠯᠥᠪᠯᠡᠭᠡ ᠪᠠᠷ ᠡᠯᠰᠡᠭᠳᠡᠭᠰᠡᠨ ᠤ ᠳᠠᠷᠠᠭ᠎ᠠ ᠰᠤᠷᠭᠠᠭᠤᠯᠢ ᠳᠤ ᠣᠷᠣᠬᠤ ᠬᠢᠷᠢ ᠭᠡᠮ ᠢᠶᠠᠨ ᠲᠡᠪᠴᠢᠭᠰᠡᠨ ᠪᠤᠶᠤ ᠰᠤᠷᠤᠯᠭ᠎ᠠ ᠪᠠᠨ ᠲᠤᠷᠭᠤᠨ ᠵᠣᠭᠰᠣᠭᠰᠠᠨ ᠰᠢᠯᠭᠠᠭᠤᠯᠤᠭᠴᠢ ᠲᠤᠰᠬᠠᠢ ᠲᠥᠯᠥᠪᠯᠡᠭᠡ ᠪᠠᠷ ᠨᠡᠷ᠎ᠡ ᠮᠡᠳᠡᠭᠦᠯᠬᠦ ᠬᠢᠷᠢ ᠭᠡᠮ ᠦᠭᠡᠢ ᠪᠣᠯᠵᠠᠢ ᠃    ᠬᠥᠳᠡᠭᠡ ᠲᠣᠰᠬᠤᠨ ᠳᠤ ᠬᠠᠨᠳᠤᠭᠤᠯᠤᠭᠰᠠᠨ ᠵᠢᠩᠬᠢᠨᠢ ᠠᠩᠭᠢ ᠶᠢᠨ ᠠᠨᠠᠭᠠᠬᠤ ᠤᠬᠠᠭᠠᠨ ᠤ ᠰᠤᠷᠤᠬᠴᠢ ᠶᠢ ᠰᠦᠢᠳᠬᠡᠯ ᠬᠤᠷᠢᠶᠠᠬᠤ ᠦᠭᠡᠢ ᠪᠠᠷ ᠬᠥᠮᠥᠵᠢᠭᠦᠯᠬᠦ ᠲᠥᠯᠥᠪᠯᠡᠭᠡ ᠄ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ ᠃    ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠤ ᠵᠠᠷᠤᠳᠠᠯ ᠢᠶᠠᠷ ᠪᠠᠭᠰᠢ ᠶᠢᠨ ᠮᠡᠷᠭᠡᠵᠢᠯ ᠤᠨ ᠰᠤᠷᠤᠬᠴᠢ ᠬᠥᠮᠥᠵᠢᠭᠦᠯᠬᠦ ᠲᠥᠯᠥᠪᠯᠡᠭᠡ ᠄ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ ᠂ ᠵᠡᠭᠦᠨ ᠬᠤᠶᠢᠲᠤ ᠵᠢᠨ‌‍ᠪᠠᠭᠰᠢ ᠶᠢᠨ ᠶᠡᠭᠡ ᠰᠤᠷᠭᠠᠭᠤᠯᠢ ᠂ ᠬᠤᠸᠠᠵᠦ᠋ᠩ ᠤᠨ ᠪᠠᠭᠰᠢ ᠶᠢᠨ ᠶᠡᠭᠡ ᠰᠤᠷᠭᠠᠭᠤᠯᠢ ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠪᠠ ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ ᠵᠡᠷᠭᠡ 6 ᠶᠡᠭᠡ ᠰᠤᠷᠭᠠᠭᠤᠯᠢ ᠪᠠᠭᠲᠠᠵᠤ ᠂ ᠡᠩ ᠤᠨ ᠪᠠᠶᠢᠳᠠᠯ ᠳᠤ ᠮᠠᠨ ᠤ ᠣᠷᠣᠨ ᠠᠴᠠ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ Aᠪᠦᠯᠦᠭ ᠲᠤ ᠡᠯᠰᠡᠨ᠎ᠡ ᠃    ᠥᠪᠡᠷᠲᠡᠭᠡᠨ ᠵᠠᠰᠠᠬᠤ ᠣᠷᠣᠨ ᠤ ᠠᠯᠪᠠᠨ ᠤ ᠵᠠᠷᠤᠳᠠᠯ ᠢᠶᠠᠷ ᠬᠠᠨᠳᠤᠯᠭ᠎ᠠ ᠲᠠᠢ ᠪᠠᠷ ᠪᠠᠭᠰᠢ ᠬᠥᠮᠥᠵᠢᠭᠦᠯᠬᠦ ᠲᠥᠯᠥᠪᠯᠡᠭᠡ ᠄ ᠮᠠᠨ ᠤ ᠣᠷᠣᠨ ᠤ ᠡᠷᠦᠭᠡ ᠠᠮᠠ ᠶᠢᠨ ᠬᠠᠷᠢᠶ᠎ᠠ ᠲᠠᠢ ᠨᠥᠬᠦᠴᠡᠯ ᠳᠤ ᠨᠡᠶᠢᠴᠡᠬᠦ ᠰᠢᠯᠢᠳᠡᠭ ᠰᠣᠷᠣᠬᠴᠢ ᠶᠢ ᠡᠯᠰᠡᠵᠦ ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠥᠨᠳᠥᠷ ᠲᠦᠪᠰᠢᠨ ᠪᠦᠬᠦᠢ ᠪᠠᠭᠰᠢ ᠶᠢᠨ ᠶᠡᠭᠡ ᠰᠤᠷᠭᠠᠭᠤᠯᠢ ᠳᠤ ᠨᠠᠶᠢᠳᠠᠵᠤ ᠬᠥᠮᠥᠵᠢᠭᠦᠯᠦᠨ᠎ᠡ ᠃    ᠡᠩ ᠤᠨ ᠪᠠᠶᠢᠳᠠᠯ ᠳᠤ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠲᠤ ᠲᠣᠬᠢᠷᠠᠭᠤᠯᠤᠨ᠎ᠠ ᠃ ᠳᠤᠮᠳᠠ ᠪᠠᠷᠠᠭᠤᠨ ᠬᠡᠰᠡᠭ ᠤᠨ ᠬᠠᠷᠠᠬᠠᠨ ᠬᠥᠭᠵᠢᠭᠡ ᠦᠭᠡᠢ ᠭᠠᠵᠠᠷ ᠣᠷᠣᠨ ᠤ ᠰᠢᠯᠢᠳᠡᠭ ᠪᠠᠭᠰᠢ ᠶᠢ ᠬᠠᠨᠳᠤᠯᠭ᠎ᠠ ᠲᠠᠢ ᠪᠠᠷ ᠬᠥᠮᠥᠵᠢᠭᠦᠯᠬᠦ ᠲᠥᠯᠥᠪᠯᠡᠭᠡ ᠄    ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠪᠣᠯᠣᠨ ᠣᠷᠣᠨ ᠨᠤᠲᠤᠭ ᠤᠨ ᠪᠠᠭᠰᠢ ᠶᠢᠨ ᠶᠡᠭᠡ ᠳᠡᠭᠡᠳᠦ ᠰᠤᠷᠭᠠᠭᠤᠯᠢ ᠠᠴᠠ ᠰᠤᠷᠤᠬᠴᠢ ᠡᠯᠰᠡᠬᠦ ᠪᠠ ᠬᠥᠮᠥᠵᠢᠭᠦᠯᠬᠦ ᠡᠭᠦᠷᠭᠡ ᠶᠢ ᠡᠭᠦᠷᠭᠡᠯᠡᠵᠦ ᠂ ᠡᠩ ᠤᠨ ᠪᠠᠶᠢᠳᠠᠯ ᠳᠤ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠲᠤ ᠡᠯᠰᠡᠨ᠎ᠡ ᠃    ᠦᠨᠳᠦᠰᠦᠲᠡᠨ ᠤ ᠲᠤᠰᠬᠠᠢ ᠲᠥᠯᠥᠪᠯᠡᠭᠡ ᠃ ᠦᠨᠳᠦᠰᠦᠲᠡᠨ ᠤ ᠲᠤᠰᠬᠠᠢ ᠲᠥᠯᠥᠪᠯᠡᠭᠡ ᠪᠠᠷ ᠰᠣᠷᠣᠬᠴᠢ ᠡᠯᠰᠡᠬᠦ ᠠᠵᠢᠯ ᠪᠣᠯ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ ᠂ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ ᠃ ᠮᠠᠨ ᠤ ᠣᠷᠣᠨ ᠤ ᠦᠨᠳᠦᠰᠦᠲᠡᠨ ᠤ ᠲᠤᠰᠬᠠᠢ ᠲᠥᠯᠥᠪᠯᠡᠭᠡ ᠳᠤ ᠭᠤᠣᠯᠳᠠᠭᠤ ᠴᠥᠭᠡᠨ ᠲᠣᠭᠠᠲᠤ ᠦᠨᠳᠦᠰᠦᠲᠡᠨ ᠤ ᠪᠡᠯᠡᠳᠬᠡᠯ ᠠᠩᠭᠢ ᠪᠠ ᠦᠨᠳᠦᠰᠦᠲᠡᠨ ᠤ ᠠᠩᠭᠢ ᠶᠢᠨ ᠲᠥᠯᠥᠪᠯᠡᠭᠡ ᠪᠠᠭᠲᠠᠨ᠎ᠠ ᠃     
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ