ᠵᠠᠮ ᠤᠨ ᠰᠦᠢᠳᠬᠡᠯ ᠢ ᠬᠡᠯᠳᠤᠷᠢᠬᠦᠯᠬᠦ ᠦᠬᠡᠢ
ᠨᠡᠶᠢᠲᠡᠯᠡᠭᠰᠡᠨ ᠴᠠᠭ᠄
2023/12/19
      ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ 2024 ᠣᠨ ᠤ ᠰᠢᠨ᠎ᠡ ᠣᠨ ᠤ ᠠᠮᠠᠷᠠᠯᠲᠠ ᠶᠢᠨ ᠬᠤᠭᠤᠴᠠᠭᠠᠨ ᠤ ᠲᠤᠬᠢᠷᠠᠭᠤᠯᠤᠯᠳᠠ ᠶᠢ ᠦᠨᠳᠤᠰᠤᠯᠠᠪᠠᠯ ᠂ 2024 ᠣᠨ ᠤ ᠰᠢᠨ᠎ᠡ ᠣᠨ ᠤ ᠠᠮᠠᠷᠠᠯᠳᠠ ᠪᠠᠷ 2023 ᠣᠨ ᠤ 12 ᠳ᠋ᠤᠭᠠᠷ ᠰᠠᠷ᠎ᠠ ᠶᠢᠨ 30 ᠤ ᠡᠳᠦᠷ ︵ ᠭᠠᠷᠠᠭ ᠤᠨ ᠵᠢᠷᠭᠤᠭᠠᠨ ︶ ᠠᠴᠠ 2024 ᠣᠨ ᠤ 1 ᠳ᠋ᠤᠬᠡᠷ ᠰᠠᠷ᠎ᠠ ᠶᠢᠨ 1 ᠤ ᠡᠳᠦᠷ ︵ ᠭᠠᠷᠠᠭ ᠤᠨ ᠨᠢᠭᠡᠨ ︶ ᠪᠤᠯᠳᠠᠯ᠎ᠠ ᠴᠢᠯᠣᠬᠡ ᠲᠠᠯᠪᠢᠨ᠎ᠠ ᠃ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ᠬᠠᠮᠢᠶ᠎ᠡ ᠪᠦᠬᠦᠢ ᠮᠡᠳᠡᠭᠳᠡᠯ ᠢ ᠦᠨᠳᠦᠰᠦᠯᠡᠪᠡᠯ ᠂ 2024 ᠣᠨ ᠤ ᠰᠢᠨ᠎ᠡ ᠣᠨ ᠤ ᠠᠮᠠᠷᠠᠯᠳᠠ ᠶᠢᠨ ᠬᠤᠭᠤᠴᠠᠭᠠᠨ ᠳᠤ ᠬᠤᠷᠳᠤᠨ ᠤ ᠵᠠᠮ ᠢᠶᠠᠷ ᠠᠶᠠᠯᠠᠬᠤ ᠲᠠᠷᠬᠡ ᠬᠦᠰᠬᠡ ᠶᠢᠨ ᠵᠠᠮ ᠤᠨ ᠰᠦᠢᠳᠬᠡᠯ ᠢ ᠬᠡᠯᠳᠤᠷᠢᠬᠦᠯᠬᠦ ᠦᠬᠡᠢ ᠃ 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ