| ᠨᠢᠭᠡ ᠂ ᠲᠣᠭᠲᠠᠭᠠᠭᠰᠠᠨ ᠠᠬᠤᠢ ᠪᠠᠶᠢᠳᠠᠯ | ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠭᠤᠷᠪᠠᠨ ᠡᠵᠡᠮᠳᠡᠯ ᠱᠤᠭᠤᠮ ᠢ ᠨᠢᠭᠡᠳᠦᠯᠲᠡᠢ ᠲᠥᠯᠥᠪᠯᠡᠨ ᠲᠣᠭᠲᠠᠭᠠᠵᠤ | ᠨᠠᠶᠢᠳᠠᠪᠤᠷᠢᠵᠢᠭᠤᠯᠬᠤ ᠲᠤᠬᠠᠢ ᠵᠢᠯᠤᠭᠤᠳᠬᠤ ᠰᠠᠨᠠᠯ ︾ ᠢ ᠭᠦᠨᠵᠡᠭᠡᠢ ᠲᠤᠭᠤᠰᠢᠯᠠᠭᠤᠯᠵᠤ ᠂ ︽ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ | ᠬᠠᠮᠢᠶᠠᠷᠤᠯᠲᠠ ᠶᠢ ᠴᠢᠩᠭᠠᠳᠬᠠᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠮᠢ ᠠᠬᠤᠢ ᠣᠷᠴᠢᠨ ᠲᠣᠭᠤᠷᠢᠨ ᠤ ᠶᠠᠮᠤᠨ ᠤᠯᠤᠰ ᠤᠨ ᠣᠶ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ ︵ ᠲᠤᠷᠰᠢᠨ ᠬᠡᠷᠡᠭᠵᠢᠭᠦᠯᠬᠦ ︶ ︾ ︵ ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ︹2022︺ 142 ᠳ᠋ᠤᠭᠠᠷ | ᠲᠣᠭᠠᠲᠤ ︶ ᠤᠨ ᠱᠠᠭᠠᠷᠳᠠᠯᠭ᠎ᠠ ᠶᠣᠰᠣᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ ᠂ ᠠᠮᠢ | ᠠᠬᠤᠢ ᠶᠢᠨ ᠴᠢᠳᠠᠮᠵᠢ ᠶᠢ ᠪᠠᠲᠤᠯᠠᠨ ᠬᠠᠮᠠᠭᠠᠯᠠᠵᠤ ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠬᠤ ᠶᠢᠨ ᠲᠥᠯᠥᠭᠡ ᠥᠪᠡᠷᠲᠡᠭᠡᠨ ᠵᠠᠰᠠᠬᠤ | ᠣᠷᠣᠨ ︽ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ︵ ᠲᠤᠷᠰᠢᠨ ᠬᠡᠷᠡᠭᠵᠢᠭᠦᠯᠬᠦ ︶ ︾ | ︵ ᠳᠣᠷᠣᠭᠰᠢ ︽ ᠬᠡᠷᠡᠭᠵᠢᠭᠦᠯᠬᠦ ᠰᠠᠨᠠᠯ ︾ ᠭᠡᠵᠦ ᠲᠣᠪᠴᠢᠯᠠᠪᠠ ︶ ᠢ ᠳᠣᠭᠲᠠᠭᠠᠵᠠᠢ ᠃ 142 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠢᠯᠡ ᠨᠡᠶᠢᠲᠡᠯᠡᠬᠦ | ᠠᠷᠭ᠎ᠠ ᠨᠢ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠬᠦ ᠪᠣᠯᠤᠨ᠎ᠠ ᠂ ︽ ᠬᠡᠷᠡᠭᠵᠢᠭᠦᠯᠬᠦ ᠰᠠᠨᠠᠯ ︾ ᠲᠣᠰ ᠪᠢᠴᠢᠭ ᠮᠠᠲ᠋ᠧᠷᠢᠶᠠᠯ ᠢ ᠦᠨᠳᠦᠰᠦᠯᠡᠨ ᠳᠣᠭᠲᠠᠭᠠᠭᠰᠠᠨ | ᠤᠴᠢᠷ᠎ᠠ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠬᠦ ᠬᠡᠷᠡᠭᠲᠡᠢ ᠃ | ᠬᠤᠶᠠᠷ ᠂ ᠭᠤᠣᠯ ᠠᠭᠤᠯᠭ᠎ᠠ | ︽ ᠬᠡᠷᠡᠭᠵᠢᠭᠦᠯᠬᠦ ᠰᠠᠨᠠᠯ ︾ ᠢ ᠨᠡᠶᠢᠳᠡ ᠲᠤᠯᠤᠭᠠᠨ ᠭᠤᠣᠯ ᠠᠭᠤᠯᠭ᠎ᠠ ᠪᠣᠯᠭᠠᠨ ᠬᠤᠪᠢᠶᠠᠨ᠎ᠠ ᠂ ᠡᠭᠦᠨ ᠳᠤ ᠶᠡᠷᠦᠩᠬᠡᠢ ᠱᠠᠭᠠᠷᠳᠠᠯᠭ᠎ᠠ ᠂ ᠬᠢᠵᠠᠭᠠᠷᠲᠤ ᠬᠦᠮᠦᠰ ᠤᠨ | ᠠᠵᠢᠯᠯᠠᠭᠠᠨ ᠤ ᠲᠦᠷᠦᠯ ᠢ ᠲᠣᠳᠤᠷᠬᠠᠶᠢᠯᠠᠬᠤ ᠂ ᠬᠢᠵᠠᠭᠠᠷᠲᠤ ᠬᠦᠮᠦᠰ ᠤᠨ ᠠᠵᠢᠯᠯᠠᠭᠠᠨ ᠤ ᠬᠠᠮᠢᠶᠠᠷᠤᠯᠲᠠ ᠡᠵᠡᠮᠳᠡᠯ ᠢ ᠵᠢᠷᠤᠮᠵᠢᠭᠤᠯᠬᠤ ᠂ ᠠᠮᠢ ᠠᠬᠤᠢ ᠶᠢ | ᠬᠠᠮᠠᠭᠠᠯᠠᠬᠤ ᠤᠯᠠᠭᠠᠨ ᠱᠤᠭᠤᠮ ᠢ ᠤᠯᠤᠰ ᠤᠨ ᠴᠢᠬᠤᠯᠠ ᠶᠡᠭᠡ ᠲᠦᠰᠦᠯ ᠳᠤ ᠡᠵᠡᠯᠡᠨ ᠬᠡᠷᠡᠭᠯᠡᠬᠦ ᠶᠢᠨ ᠵᠠᠶᠢᠯᠠᠰᠢ ᠦᠭᠡᠢ ᠨᠤᠲᠠᠯᠠᠯᠲᠠ ᠶᠢ ᠵᠢᠷᠤᠮᠵᠢᠭᠤᠯᠬᠤ ᠂ ᠲᠦᠷ | ᠴᠠᠭ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠲᠣᠬᠢᠷᠠᠭᠤᠯᠤᠯᠲᠠ ᠶᠢ ᠴᠢᠩᠳᠠᠯᠠᠬᠤ ᠂ ᠠᠮᠢ | ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠪᠠᠭᠲᠠᠭᠠᠵᠤ ᠪᠠᠶᠢᠨ᠎ᠠ ᠃ | ᠨᠢᠭᠡ ᠂ ᠶᠡᠷᠦᠩᠬᠡᠢ ᠱᠠᠭᠠᠷᠳᠠᠯᠭ᠎ᠠ ᠃ ︽ ᠬᠡᠷᠡᠭᠵᠢᠭᠦᠯᠬᠦ ᠰᠠᠨᠠᠯ ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠬᠤ ᠂ ᠪᠥᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠬᠤ ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠤ ᠵᠢᠯᠤᠭᠤᠳᠬᠤ ᠦᠵᠡᠯ | ᠰᠠᠨᠠᠭ᠎ᠠ ᠪᠠ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠬᠦ ᠶᠢ ᠲᠣᠳᠤᠷᠬᠠᠶᠢᠯᠠᠵᠠᠢ ᠃ | ᠬᠤᠶᠠᠷ ᠂ ᠬᠢᠵᠠᠭᠠᠷᠲᠤ ᠬᠦᠮᠦᠰ ᠤᠨ ᠠᠵᠢᠯᠯᠠᠭᠠᠨ ᠤ ᠲᠦᠷᠦᠯ ᠢ ᠲᠣᠳᠤᠷᠬᠠᠶᠢᠯᠠᠪᠠ ᠃ ︽ ᠬᠡᠷᠡᠭᠵᠢᠭᠦᠯᠬᠦ ᠰᠠᠨᠠᠯ ︾ ᠳᠤ ᠤᠯᠤᠰ ᠠᠴᠠ ᠵᠥᠪᠰᠢᠶᠡᠷᠡᠭᠰᠡᠨ 10 | ᠲᠥᠷᠥᠯ ᠤᠨ ᠬᠢᠵᠠᠭᠠᠷᠲᠤ ᠬᠦᠮᠦᠰ ᠤᠨ ᠠᠵᠢᠯᠯᠠᠭ᠎ᠠ ᠳᠤᠮᠳᠠᠬᠢ ᠬᠠᠮᠢᠶᠠᠷᠴᠤ ᠬᠠᠮᠠᠭᠠᠯᠠᠬᠤ ᠲᠣᠭᠤᠷᠢᠨ ᠬᠠᠮᠠᠭᠠᠯᠠᠬᠤ ᠂ ᠬᠠᠮᠠᠭᠠᠯᠠᠵᠤ ᠬᠠᠤᠯᠢ ᠬᠡᠷᠡᠭᠵᠢᠭᠦᠯᠬᠦ ᠵᠡᠷᠭᠡ | ᠡᠷᠬᠡᠪᠰᠢ ᠱᠠᠭᠠᠷᠳᠠᠭᠳᠠᠬᠤ ᠲᠥᠬᠦᠭᠡᠷᠦᠮᠵᠢ ᠂ ᠮᠠᠯᠴᠢᠳ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠵᠢᠴᠢ ᠰᠢᠨᠵᠢᠯᠡᠬᠦ ᠤᠬᠠᠭᠠᠨ ᠤ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠳᠤ ᠬᠤᠯᠪᠤᠭᠳᠠᠬᠤ ᠡᠷᠬᠡᠪᠰᠢ ᠱᠠᠭᠠᠷᠳᠠᠭᠳᠠᠬᠤ ᠨᠡᠶᠢᠲᠡ ᠶᠢᠨ ᠲᠥᠬᠦᠭᠡᠷᠦᠮᠵᠢ ᠵᠡᠷᠭᠡ ᠪᠣᠳᠠᠲᠠᠢ | ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠨᠠᠷᠢᠯᠢᠭᠵᠢᠭᠤᠯᠵᠤ ᠂ ︽ ᠬᠡᠷᠡᠭᠵᠢᠭᠦᠯᠬᠦ ᠰᠠᠨᠠᠯ ︾ ᠤᠨ ᠬᠡᠷᠡᠭᠵᠢᠭᠦᠯᠦᠭᠳᠡᠬᠦ᠋ᠢᠴᠡ ᠴᠢᠨᠠᠷ ᠢ ᠳᠡᠭᠡᠭᠰᠢᠯᠡᠭᠦᠯᠪᠡ ᠃ | ᠭᠤᠷᠪᠠ ᠂ ᠬᠢᠵᠠᠭᠠᠷᠲᠤ ᠬᠦᠮᠦᠰ ᠤᠨ ᠠᠵᠢᠯᠯᠠᠭᠠᠨ ᠤ ᠬᠠᠮᠢᠶᠠᠷᠤᠯᠲᠠ ᠡᠵᠡᠮᠳᠡᠯ ᠢ ᠵᠢᠷᠤᠮᠵᠢᠭᠤᠯᠪᠠ ᠃ ︽ ᠬᠡᠷᠡᠭᠵᠢᠭᠦᠯᠬᠦ ᠰᠠᠨᠠᠯ ︾ ᠳᠤ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠲᠤ ᠬᠤᠯᠪᠣᠭᠳᠠᠬᠤ ᠬᠢᠵᠠᠭᠠᠷᠲᠤ ᠬᠦᠮᠦᠰ ᠤᠨ ᠠᠵᠢᠯᠯᠠᠭᠠᠨ ᠤ ᠪᠣᠳᠠᠲᠠᠢ ᠭᠦᠢᠴᠡᠳᠬᠡᠬᠦ ᠵᠢᠷᠤᠮ ᠪᠠ | ᠬᠢᠨᠠᠨ ᠪᠠᠶᠢᠴᠠᠭᠠᠬᠤ ᠠᠭᠤᠯᠭ᠎ᠠ ᠵᠡᠷᠭᠡ ᠶᠢ ᠲᠣᠳᠤᠷᠬᠠᠶᠢᠯᠠᠵᠠᠢ ᠃ ᠡᠭᠦᠨ ᠤ ᠬᠠᠮᠲᠤ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠲᠤ | ᠡᠰᠡ ᠬᠤᠯᠪᠣᠭᠳᠠᠬᠤ ᠬᠢᠵᠠᠭᠠᠷᠲᠤ ᠬᠦᠮᠦᠰ ᠤᠨ ᠠᠵᠢᠯᠯᠠᠭ᠎ᠠ ᠳᠤ ᠴᠢᠭᠯᠡᠭᠦᠯᠦᠨ ᠂ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠪᠠᠶᠢᠬᠤ ᠡᠰᠡᠬᠦ ᠪᠠᠷ ᠨᠢ | ᠬᠤᠶᠠᠷ ᠵᠦᠢᠯ ᠤᠨ ᠪᠠᠶᠢᠳᠠᠯ ᠬᠤᠪᠢᠶᠠᠨ ᠲᠣᠰ ᠪᠦᠷᠢ ᠳᠤ ᠨᠢ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠴᠠᠢ ᠃ ᠡᠭᠦᠨ ᠳᠤ ᠂ ᠪᠣᠳᠠᠲᠠᠢ ᠪᠦᠲᠦᠭᠡᠨ ᠪᠠᠶᠢᠭᠤᠯᠬᠤ | ᠠᠵᠢᠯᠯᠠᠭ᠎ᠠ ᠲᠠᠢ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠮᠠᠭᠠᠳᠯᠠᠨ ᠲᠣᠭᠲᠠᠭᠠᠬᠤ ᠰᠠᠨᠠᠯ ᠭᠠᠷᠭᠠᠵᠤ ᠥᠭᠭᠦᠭᠡᠳ ᠪᠦᠲᠦᠭᠡᠨ | ᠪᠠᠶᠢᠭᠤᠯᠬᠤ ᠠᠵᠢᠯᠯᠠᠭ᠎ᠠ ᠥᠷᠨᠢᠭᠦᠯᠬᠦ ᠵᠢᠴᠢ ᠬᠠᠮᠢᠶ᠎ᠠ ᠪᠦᠬᠦᠢ ᠭᠠᠷᠳᠠᠮ ᠭᠦᠢᠴᠡᠳᠬᠡᠬᠦ ᠳᠤ ᠨᠢ ᠦᠨᠳᠦᠰᠦᠯᠡᠯ ᠪᠣᠯᠭᠠᠬᠤ ᠶᠢ ᠳᠣᠭᠲᠠᠭᠠᠵᠠᠢ ᠃ ᠪᠣᠳᠠᠲᠠᠢ ᠪᠦᠲᠦᠭᠡᠨ | ᠪᠠᠶᠢᠭᠤᠯᠬᠤ ᠠᠵᠢᠯᠯᠠᠭ᠎ᠠ ᠦᠭᠡᠢ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠶᠢ | ᠲᠣᠳᠤᠷᠬᠠᠶᠢᠯᠠᠭᠰᠠᠨ ᠪᠠᠶᠢᠨ᠎ᠠ ᠃ | ᠳᠥᠷᠪᠡ ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠤᠯᠤᠰ ᠤᠨ ᠴᠢᠬᠤᠯᠠ ᠶᠡᠭᠡ ᠲᠦᠰᠦᠯ ᠳᠤ ᠡᠵᠡᠯᠡᠨ ᠬᠡᠷᠡᠭᠯᠡᠬᠦ ᠶᠢᠨ ᠵᠠᠶᠢᠯᠠᠰᠢ ᠦᠭᠡᠢ | ᠨᠤᠲᠠᠯᠠᠯᠲᠠ ᠶᠢ ᠵᠢᠷᠤᠮᠵᠢᠭᠤᠯᠪᠠ ᠃ ︽ ᠬᠡᠷᠡᠭᠵᠢᠭᠦᠯᠬᠦ ᠰᠠᠨᠠᠯ ︾ ᠳᠤ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠡᠵᠡᠯᠡᠨ ᠬᠡᠷᠡᠭᠯᠡᠬᠦ ᠶᠢ ᠨᠢ ᠵᠥᠪᠰᠢᠶᠡᠷᠡᠬᠦ | ᠤᠯᠤᠰ ᠤᠨ ᠴᠢᠬᠤᠯᠠ ᠶᠡᠭᠡ ᠲᠦᠰᠦᠯ ᠤᠨ ᠬᠡᠪᠴᠢᠶ᠎ᠡ ᠶᠢ ᠲᠣᠳᠣᠷᠬᠠᠢ ᠲᠣᠭᠲᠠᠭᠠᠵᠤ ᠂ ᠤᠯᠤᠰ ᠤᠨ ᠴᠢᠬᠤᠯᠠ ᠶᠡᠭᠡ ᠲᠦᠰᠦᠯ ᠳᠤ ᠠᠮᠢ ᠠᠬᠤᠢ ᠶᠢ ᠬᠠᠮᠠᠭᠠᠯᠠᠬᠤ | ᠤᠯᠠᠭᠠᠨ ᠱᠤᠭᠤᠮ ᠢ ᠡᠵᠡᠯᠡᠨ ᠬᠡᠷᠡᠭᠯᠡᠬᠦ ᠶᠢᠨ ᠵᠠᠶᠢᠯᠠᠰᠢ ᠦᠭᠡᠢ ᠶᠢ ᠨᠣᠲᠠᠯᠠᠬᠤ ᠰᠠᠨᠠᠯ ᠢ ᠭᠠᠷᠭᠠᠬᠤ ᠭᠦᠢᠴᠡᠳᠬᠡᠬᠦ ᠳᠠᠷᠠᠭᠠᠯᠠᠯ ᠳᠤ ᠲᠣᠭᠲᠠᠭᠠᠯ ᠭᠠᠷᠭᠠᠭᠰᠠᠨ ᠪᠥᠭᠡᠳ | ᠪᠣᠳᠠᠲᠠᠢ ᠭᠦᠢᠴᠡᠳᠬᠡᠬᠦ ᠶᠠᠪᠤᠴᠠ ᠵᠢᠴᠢ ᠬᠢᠨᠠᠨ ᠪᠠᠶᠢᠴᠠᠭᠠᠬᠤ ᠠᠭᠤᠯᠭ᠎ᠠ ᠵᠡᠷᠭᠡ ᠱᠠᠭᠠᠷᠳᠠᠯᠭ᠎ᠠ ᠳᠤᠷᠠᠳᠪᠠ ᠃ | ᠲᠠᠪᠤ ᠂ ᠲᠦᠷ ᠴᠠᠭ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠪᠠ ᠃ ︽ ᠬᠡᠷᠡᠭᠵᠢᠭᠦᠯᠬᠦ ᠰᠠᠨᠠᠯ ︾ ᠳᠤ ᠠᠮᠢ ᠠᠬᠤᠢ ᠶᠢ ᠬᠠᠮᠠᠭᠠᠯᠠᠬᠤ ᠤᠯᠠᠭᠠᠨ | ᠱᠤᠭᠤᠮ ᠤᠨ ᠳᠣᠲᠣᠷᠠᠬᠢ ᠬᠢᠵᠠᠭᠠᠷᠲᠤ ᠬᠦᠮᠦᠰ ᠤᠨ ᠠᠵᠢᠯᠯᠠᠭ᠎ᠠ ᠪᠠ ᠤᠯᠤᠰ ᠤᠨ ᠴᠢᠬᠤᠯᠠ ᠶᠡᠭᠡ ᠲᠦᠰᠦᠯ ᠨᠢ ᠲᠦᠷ ᠬᠡᠷᠡᠭᠯᠡᠬᠦ ᠭᠠᠵᠠᠷ ᠲᠤ ᠬᠤᠯᠪᠣᠭᠳᠠᠪᠠᠯ ᠂ | ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠠᠴᠠ ᠠᠯᠢ ᠴᠢᠳᠠᠬᠤ ᠪᠠᠷ ᠵᠠᠶᠢᠯᠠᠬᠤ ᠬᠡᠷᠡᠭᠲᠡᠢ ᠂ ᠦᠨᠡᠬᠡᠷ ᠵᠠᠶᠢᠯᠠᠬᠤ ᠶᠢᠨ ᠠᠷᠭ᠎ᠠ ᠦᠭᠡᠢ ᠪᠣᠯ ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠲᠦᠷ ᠡᠵᠡᠯᠡᠨ ᠬᠡᠷᠡᠭᠯᠡᠬᠦ ᠲᠣᠭᠲᠠᠭᠠᠯ ᠢᠶᠠᠷ ᠯᠠᠪᠯᠠᠯᠲᠠ ᠪᠣᠯᠭᠠᠨ ᠭᠦᠢᠴᠡᠳᠬᠡᠵᠦ ᠂ ᠰᠡᠷᠭᠦᠭᠡᠬᠦ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠲᠣᠳᠤᠷᠬᠠᠶᠢᠯᠠᠵᠠᠢ ᠃ | ᠵᠢᠷᠭᠤᠭ᠎ᠠ ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠲᠣᠬᠢᠷᠠᠭᠤᠯᠤᠯᠲᠠ ᠶᠢ ᠴᠢᠩᠳᠠᠯᠠᠪᠠ ᠃ ︽ ᠬᠡᠷᠡᠭᠵᠢᠭᠦᠯᠬᠦ ᠰᠠᠨᠠᠯ ︾ ᠳᠤ ᠤᠯᠤᠰ ᠤᠨ | ᠲᠣᠭᠲᠠᠭᠠᠯ ᠶᠣᠰᠣᠭᠠᠷ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠵᠠᠭᠠᠭ ᠬᠢᠵᠠᠭᠠᠷ ᠲᠤ ᠲᠣᠬᠢᠷᠠᠭᠤᠯᠤᠯᠲᠠ ᠬᠢᠬᠦ ᠂ ᠨᠢᠭᠡᠨᠲᠡ ᠬᠠᠤᠯᠢ ᠶᠣᠰᠣᠭᠠᠷ ᠳᠣᠭᠲᠠᠭᠠᠭᠰᠠᠨ | ᠳᠣᠰᠤ ᠬᠡᠢ ᠶᠢᠨ ᠠᠭᠤᠷᠬᠠᠢ ᠬᠠᠶᠢᠬᠤ ᠡᠷᠬᠡ ᠶᠢ ᠠᠭᠤᠷᠬᠠᠢ ᠮᠠᠯᠲᠠᠬᠤ ᠡᠷᠬᠡ ᠤᠷᠤᠭᠤ ᠰᠢᠯᠵᠢᠭᠦᠯᠬᠦ ᠪᠠᠷ ᠲᠥᠯᠥᠪᠯᠡᠬᠦ ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ ᠳᠤ ︽ ᠲᠠᠪᠤᠨ ᠵᠢᠯ ᠳᠤ ᠨᠢᠭᠡ ᠤᠳᠠᠭ᠎ᠠ ᠦᠨᠡᠯᠡᠨ ᠵᠢᠱᠢᠬᠦ ︾ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠡᠰᠡᠭ | ᠲᠠᠯ᠎ᠠ ᠶᠢᠨ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠬᠦ ᠶᠢ ᠲᠣᠳᠤᠷᠬᠠᠶᠢᠯᠠᠵᠠᠢ ᠃ ᠵᠢᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠮᠢ | ᠠᠬᠤᠢ ᠶᠢ ᠬᠠᠮᠠᠭᠠᠯᠠᠬᠤ ᠤᠯᠠᠭᠠᠨ ᠱᠤᠭᠤᠮ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠤᠰᠤᠳ ᠪᠣᠳᠠᠲᠠᠢ ᠲᠡᠰ ᠳᠠᠷᠠᠭᠠᠯᠠᠯ ᠳᠤ ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ ᠨᠢᠭᠡ ᠯᠡ ᠵᠢᠷᠤᠭ ︾ ᠢ ᠵᠡᠷᠭᠡᠳᠡ ᠨᠢ ᠰᠢᠨᠡᠳᠬᠡᠬᠦ ᠠᠵᠢᠯ ᠤᠨ ᠱᠠᠭᠠᠷᠳᠠᠯᠭ᠎ᠠ ᠶᠢ ᠳᠤᠷᠠᠳᠴᠠᠢ ᠃ | ᠲᠤᠯᠤᠭ᠎ᠠ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ ᠃ ︽ ᠬᠡᠷᠡᠭᠵᠢᠭᠦᠯᠬᠦ ᠰᠠᠨᠠᠯ ︾ ᠳᠤ | ᠣᠷᠣᠨ ᠨᠤᠲᠤᠭ ᠤᠨ ᠵᠠᠰᠠᠭ ᠤᠨ ᠣᠷᠳᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠴᠢᠬᠤᠯᠠ | ᠦᠨᠳᠦᠰᠦᠯᠡᠯ ᠪᠣᠯᠭᠠᠵᠤ ᠂ ᠬᠠᠮᠠᠭᠠᠯᠠᠬᠤ ᠪᠠ ᠰᠠᠬᠢᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠲᠣᠳᠤᠷᠬᠠᠶᠢᠯᠠᠭᠰᠠᠨ ᠮᠥᠷᠲᠡᠭᠡᠨ ᠬᠤᠯᠪᠣᠭᠳᠠᠯ ᠪᠦᠬᠦᠢ ᠡᠯ᠎ᠡ | ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠬᠤ ᠬᠡᠷᠡᠭᠲᠡᠢ ᠭᠡᠵᠦ ᠲᠣᠭᠲᠠᠭᠠᠵᠠᠢ ᠃ ᠡᠭᠦᠨ ᠤ | ᠬᠠᠮᠲᠤ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠳᠣᠲᠣᠷᠠᠬᠢ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ ᠂ ᠠᠮᠢ ᠠᠬᠤᠢ ᠶᠢ | ᠬᠠᠮᠠᠭᠠᠯᠠᠬᠤ ᠤᠯᠠᠭᠠᠨ ᠱᠤᠭᠤᠮ ᠤᠨ ᠳᠣᠲᠣᠷ᠎ᠠ ᠡᠭᠦᠰᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠨᠤᠭᠤᠳ ᠢ ᠬᠤᠯᠪᠣᠭᠳᠠᠯ ᠪᠦᠬᠦᠢ ᠡᠯ᠎ᠡ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠢ ᠦᠨᠳᠦᠰᠦᠯᠡᠨ ᠬᠦᠨᠳᠦ ᠪᠠᠷ | ᠰᠢᠢᠳᠬᠡᠨ᠎ᠡ ᠭᠡᠵᠦ ᠳᠤᠷᠠᠳᠪᠠ ᠃ | ᠭᠤᠷᠪᠠ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠱᠠᠭᠠᠷᠳᠠᠯᠭ᠎ᠠ | ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠠᠮᠢᠶᠠᠷᠤᠯᠲᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠵᠤ ᠂ ︽ ᠬᠡᠷᠡᠭᠵᠢᠭᠦᠯᠬᠦ ᠰᠠᠨᠠᠯ ︾ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠨ ᠂ | ᠤᠬᠠᠭᠤᠯᠭ᠎ᠠ ᠪᠣᠯᠪᠠᠰᠤᠷᠠᠯ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠵᠤ ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠣᠶ ᠪᠣᠯᠭᠠᠵᠤ ᠂ | ᠪᠠᠶᠢᠭᠤᠯᠤᠯ ᠲᠣᠭᠲᠠᠴᠠ ᠶᠢ ᠴᠢᠨᠠᠭᠰᠢᠳᠠ ᠤᠯᠠᠮ ᠲᠡᠭᠦᠯᠳᠡᠷᠵᠢᠭᠦᠯᠦᠨ ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠳᠤ ᠰᠠᠭᠤᠷᠢ ᠲᠠᠯᠪᠢᠬᠤ ᠬᠡᠷᠡᠭᠲᠡᠢ ᠃ | | | |