| ᠲᠦᠷᠦᠭᠦᠬᠡᠨ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 12 ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠤ ᠰᠤᠷᠭᠠᠨ | ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠡᠬᠢᠯᠡᠭᠦᠯᠵᠦ ᠂ ᠣᠨ ᠤ ᠰᠡᠭᠦᠯ ᠵᠢᠯ ᠤᠨ | ᠡᠬᠢᠨ ᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠴᠢᠨᠠᠷ ᠪᠠ ᠪᠦᠲᠦᠮᠵᠢ ᠶᠢ ᠤᠯᠠᠮ ᠳᠡᠭᠡᠭᠰᠢᠯᠡᠭᠦᠯᠪᠡ ᠃ | ᠣᠶᠢᠯᠠᠭᠠᠭᠰᠠᠨ ᠢᠶᠠᠷ ᠂ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠯᠲᠠ ᠨᠢ 12 ᠳ᠋ᠤᠭᠠᠷ ᠰᠠᠷ᠎ᠠ ᠶᠢᠨ ᠰᠢᠨᠡᠳ ᠠᠴᠠ 2024 ᠣᠨ ᠤ ᠬᠠᠪᠤᠷ ᠤᠨ ᠰᠤᠷᠤᠯᠭ᠎ᠠ | ᠡᠬᠢᠯᠡᠲᠡᠯ᠎ᠡ ᠦᠷᠭᠦᠯᠵᠢᠯᠡᠵᠦ ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ | ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠂ ᠰᠤᠷᠭᠠᠭᠤᠯᠢ ᠶᠢᠨ ᠬᠦᠷᠢᠶᠡᠨ ᠤ ᠪᠠᠶᠢᠩᠭᠤᠵᠢᠭᠰᠠᠨ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠯᠲᠡ ᠵᠡᠷᠭᠡ | ᠭᠤᠣᠯᠳᠠᠯᠭ᠎ᠠ ᠲᠠᠢ ᠤᠶᠠᠯᠳᠤᠭᠤᠯᠤᠨ ᠶᠡᠷᠦᠩᠬᠡᠶᠢᠯᠡᠨ ᠴᠡᠭᠴᠡᠯᠡᠨ ᠵᠠᠰᠠᠨ᠎ᠠ ᠃ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠬᠦ ᠶᠢ ᠬᠠᠮᠵᠢᠬᠤ ᠶᠢᠨ ᠲᠥᠯᠥᠭᠡ ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ᠤᠨ ᠠᠯᠪᠠᠨ ᠭᠡᠷ ᠨᠢ 4 ᠬᠢᠨᠠᠨ | ᠵᠢᠯᠤᠭᠤᠳᠬᠤ ᠳᠤᠭᠤᠶᠢᠯᠠᠩ ᠢ ᠪᠦᠷᠢᠯᠳᠦᠭᠦᠯᠵᠦ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠠᠵᠢᠯ ᠢ ᠨᠠᠶᠢᠳᠠᠪᠤᠷᠢᠵᠢᠭᠤᠯᠬᠤ ᠶᠢ ᠨᠢ ᠵᠢᠯᠤᠭᠤᠳᠴᠤ ᠬᠢᠨᠠᠨ ᠪᠠᠶᠢᠴᠠᠭᠠᠵᠤ ᠪᠠᠶᠢᠨ᠎ᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠰᠤᠷᠭᠠᠨ | ᠬᠥᠮᠦᠵᠢᠯ ᠤᠨ ᠲᠢᠩᠬᠢᠮ ᠠᠴᠠ 12 ᠪᠠᠶᠢᠴᠠᠭᠠᠬᠤ ᠳᠤᠭᠤᠶᠢᠯᠠᠩ ᠪᠠᠶᠢᠭᠤᠯᠵᠤ ᠂ ᠠᠶᠢᠮᠠᠭ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ | ︽ ᠰᠤᠷᠭᠠᠭᠤᠯᠢ ᠴᠡᠴᠡᠷᠯᠢᠭ ᠢ ᠬᠠᠮᠠᠭᠠᠯᠠᠭᠰᠠᠨ ︾ ᠪᠠᠶᠢᠳᠠᠯ ᠢ ᠲᠤᠰᠬᠠᠢ ᠪᠠᠶᠢᠴᠠᠭᠠᠵᠤ ᠪᠠᠶᠢᠨ᠎ᠠ ︔ ᠪᠥᠬᠦ ᠣᠷᠣᠨ ᠤ 58 ᠶᠡᠭᠡ ᠳᠡᠭᠡᠳᠦ ᠰᠤᠷᠭᠠᠭᠤᠯᠢ ᠬᠠᠷᠢᠯᠴᠠᠨ | ᠪᠠᠶᠢᠴᠠᠭᠠᠵᠤ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠱᠠᠭᠠᠷᠳᠠᠭᠰᠠᠨ ᠨᠢ ᠂ ᠡᠯ᠎ᠡ ᠭᠠᠵᠠᠷ ᠡᠯ᠎ᠡ ᠰᠤᠷᠭᠠᠭᠤᠯᠢ ᠠᠮᠤᠷ | ᠲᠦᠪᠰᠢᠨ ᠤ ᠳᠠᠯᠳᠠ ᠬᠡᠮ ᠤᠨ ᠥᠯᠥ ᠣᠨᠣᠭᠳᠠᠬᠤ ᠭᠠᠵᠠᠷ ᠪᠠ ᠪᠠᠯᠠᠢ ᠴᠡᠭ ᠢ ᠴᠢᠩᠭ᠎ᠠ ᠠᠩᠬᠠᠷᠴᠤ ᠂ ᠬᠠᠷᠢᠭᠤᠴᠠᠬᠤ ᠪᠠ ᠡᠭᠦᠷᠭᠡᠯᠡᠬᠦ ᠤᠬᠠᠮᠰᠠᠷ ᠢᠶᠠᠨ ᠤᠯᠠᠮ | ᠴᠢᠩᠭᠠᠳᠬᠠᠵᠤ ᠂ ᠬᠡᠷᠡᠭ ᠡᠭᠦᠰᠬᠦ ᠠᠴᠠ ᠡᠮᠦᠨ᠎ᠡ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠵᠦ ᠂ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠪᠠ ᠬᠡᠪ ᠤᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ ᠪᠠᠲᠤᠯᠠᠬᠤ ᠬᠡᠷᠡᠭᠲᠡᠢ ᠃ | | |