ᠮᠠᠨ ᠤ ᠣᠷᠣᠨ ᠡᠮ ᠤᠨ ᠵᠦᠢᠯᠡᠰ ᠤᠨ ᠠᠮᠤᠷ ᠲᠦᠪᠰᠢᠨ ᠤ ᠲᠤᠬᠠᠢ ᠤᠬᠠᠭᠤᠯᠭ᠎ᠠ ᠶᠢᠨ ᠠᠵᠢᠯᠯᠠᠭ᠎ᠠ ᠶᠢ ᠰᠤᠷᠭᠠᠭᠤᠯᠢ ᠶᠢᠨ ᠬᠦᠷᠢᠶᠡᠨ ᠳᠤ ᠥᠷᠨᠢᠭᠦᠯᠪᠡ
ᠨᠡᠶᠢᠲᠡᠯᠡᠭᠰᠡᠨ ᠴᠠᠭ᠄
2023/12/25
    ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠬᠡᠨ ᠭᠦᠭᠡᠬᠤᠲᠠ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠡᠮ ᠤᠨ ᠵᠦᠢᠯᠡᠰ ᠤᠨ ᠠᠮᠤᠷ ᠲᠦᠪᠰᠢᠨ ᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠵᠦ ᠂ ᠰᠤᠷᠤᠬᠴᠢᠳ ᠲᠤ ᠡᠮ ᠤᠨ ᠵᠦᠢᠯᠡᠰ ᠤᠨ ᠠᠮᠤᠷ ᠲᠦᠪᠰᠢᠨ ᠤ ᠲᠤᠬᠠᠢ ᠬᠢᠴᠢᠶᠡᠯ ᠣᠷᠣᠪᠠ ᠃ ᠡᠨᠡᠬᠦ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠳ ᠰᠤᠷᠤᠬᠴᠢᠳ ᠲᠤ ᠶᠧᠦ ᠮᠧᠶ ᠱᠠ ᠹᠧᠨ ᠢ ᠬᠡᠮᠵᠢᠶ᠎ᠡ ᠠᠴᠠ ᠨᠢ ᠬᠡᠲᠦᠷᠡᠭᠦᠯᠦᠨ ᠤᠤᠭᠤᠬᠤ ᠂ ᠳᠤᠷ᠎ᠠ ᠪᠠᠷ ᠢᠶᠠᠨ ᠬᠡᠷᠡᠭᠯᠡᠬᠦ ᠶᠢᠨ ᠬᠤᠣᠷ ᠬᠥᠨᠥᠭᠡᠯ ᠵᠢᠴᠢ ᠠᠮᠤᠷ ᠲᠦᠪᠰᠢᠨ ᠢᠶᠠᠷ ᠡᠮ ᠬᠡᠷᠡᠭᠯᠡᠬᠦ ᠦᠨᠳᠦᠰᠦᠨ ᠮᠡᠳᠡᠯᠭᠡ ᠂ ᠡᠮ ᠬᠡᠷᠡᠭᠯᠡᠬᠦ ᠳᠤ ᠠᠩᠬᠠᠷᠬᠤ ᠵᠦᠢᠯᠡᠰ ᠵᠡᠷᠭᠡ ᠶᠢ ᠲᠠᠶᠢᠯᠪᠤᠷᠢᠯᠠᠵᠤ ᠂ ᠲᠤᠬᠠᠢ ᠶᠢᠨ ᠲᠠᠯᠠᠪᠤᠷ ᠲᠤ ᠡᠮ ᠤᠨ ᠬᠤᠣᠷ ᠬᠥᠨᠥᠭᠡᠯ ᠤᠨ ᠴᠢᠨᠠᠷᠲᠠᠢ ᠦᠨᠡᠨ ᠪᠣᠳᠠᠲᠠᠢ ᠬᠡᠷᠡᠭ  ᠤᠨ ᠸᠢᠳᠢᠤ᠋ ᠶᠢ ᠨᠠᠪᠲᠠᠷᠡᠭᠦᠯᠵᠦ ᠂ ᠰᠤᠷᠤᠬᠴᠢᠳ ᠲᠤ ᠡᠮ ᠤᠨ ᠵᠦᠢᠯᠡᠰ ᠢ ᠵᠣᠬᠢᠰ ᠦᠭᠡᠢ ᠬᠡᠷᠡᠭᠯᠡᠬᠦ ᠶᠢᠨ ᠬᠤᠣᠷ ᠬᠥᠨᠥᠭᠡᠯ ᠢ ᠣᠶᠢᠯᠠᠭᠠᠭᠤᠯᠪᠠ ᠃ ᠠᠵᠢᠯᠯᠠᠭ᠎ᠠ ᠳᠤ 100 ᠭᠠᠷᠤᠢ ᠪᠠᠭᠰᠢ ᠰᠣᠷᠣᠬᠴᠢ ᠣᠷᠣᠯᠴᠠᠵᠤ ᠂ ︽ ᠠᠮᠤᠷ ᠲᠦᠪᠰᠢᠨ ᠢᠶᠠᠷ ᠡᠮ ᠬᠡᠷᠡᠭᠯᠡᠬᠦ ᠮᠡᠳᠡᠯᠭᠡ ᠶᠢᠨ ᠭᠠᠷ ᠠᠪᠤᠯᠭ᠎ᠠ ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠢ ᠬᠤᠪᠢ ᠲᠠᠷᠬᠠᠭᠠᠪᠠ ᠃ ᠣᠶᠢᠯᠠᠭᠠᠭᠰᠠᠨ ᠢᠶᠠᠷ ᠂ ᠲᠣᠰ ᠤᠳᠠᠭᠠᠨ ᠤ ᠠᠮᠤᠷ ᠲᠦᠪᠰᠢᠨ ᠢᠶᠠᠷ ᠡᠮ ᠬᠡᠷᠡᠭᠯᠡᠬᠦ ᠤᠬᠠᠭᠤᠯᠭ᠎ᠠ ᠶᠢᠨ ᠠᠵᠢᠯᠯᠠᠭ᠎ᠠ ᠨᠢ ᠵᠠᠯᠠᠭᠤᠴᠤᠳ ᠪᠠᠭᠠᠴᠤᠳ ᠲᠤ ᠬᠠᠨᠳᠤᠭᠤᠯᠤᠨ ᠠᠮᠤᠷ ᠲᠦᠪᠰᠢᠨ ᠢᠶᠠᠷ ᠡᠮ ᠬᠡᠷᠡᠭᠯᠡᠬᠦ ᠮᠡᠳᠡᠯᠭᠡ ᠶᠢ ᠲᠦᠭᠡᠮᠡᠯᠵᠢᠭᠦᠯᠵᠦ ᠂ ᠠᠮᠤᠷ ᠲᠦᠪᠰᠢᠨ ᠢᠶᠠᠷ ᠡᠮ ᠬᠡᠷᠡᠭᠯᠡᠬᠦ ᠰᠢᠨᠵᠢᠯᠡᠬᠦ ᠤᠬᠠᠭᠠᠨᠴᠢ ᠤᠬᠠᠮᠰᠠᠷ  ᠢ ᠵᠥᠪ ᠤᠨᠤᠪᠴᠢᠳᠠᠢ ᠪᠤᠶ ᠪᠤᠯᠭᠠᠬᠤ ᠶᠢ ᠰᠠᠨᠠᠭᠠᠴᠢᠯᠠᠵᠠᠢ ᠂ ᠵᠠᠯᠠᠭᠤᠴᠤᠳ ᠪᠠᠭᠠᠴᠤᠳ ᠢ ᠵᠦᠢ ᠵᠣᠬᠢᠰᠲᠠᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠮ ᠤᠨ ᠵᠦᠢᠯᠡᠰ ᠤᠨ ᠠᠮᠤᠷ ᠲᠦᠪᠰᠢᠨ ᠤ ᠮᠡᠳᠡᠯᠭᠡ ᠶᠢ ᠳᠡᠷᠭᠡᠳᠡᠬᠢ ᠬᠥᠮᠥᠨ ᠨᠢᠭᠡ ᠪᠦᠷᠢ ᠳᠤ ᠳᠠᠮᠵᠢᠭᠤᠯᠤᠨ ᠥᠭᠴᠦ ᠂ ᠨᠢᠭᠡ ᠰᠣᠷᠣᠬᠴᠢ ᠪᠠᠷ ᠨᠢᠭᠡ ᠭᠡᠷ ᠪᠦᠯᠢ ᠶᠢ ᠳᠠᠶᠢᠴᠢᠯᠠᠵᠦ ᠂ ᠪᠦᠭᠦ ᠨᠡᠶᠢᠭᠡᠮ  ᠢ ᠨᠥᠯᠥᠭᠡᠯᠡᠬᠦ ᠵᠣᠷᠢᠯᠭ᠎ᠠ ᠳᠤ ᠬᠦᠷᠦᠭᠦᠯᠵᠦ ᠂ ᠨᠡᠶᠢᠭᠡᠮ ᠳᠠᠶᠠᠭᠠᠷ ᠢᠶᠠᠨ ᠡᠮ ᠤᠨ ᠵᠦᠢᠯᠡᠰ ᠤᠨ ᠠᠮᠤᠷ ᠲᠦᠪᠰᠢᠨ ᠢ ᠴᠢᠬᠤᠯᠠᠴᠢᠯᠠᠨ ᠂ ᠡᠮ ᠬᠡᠷᠡᠭᠯᠡᠬᠦ ᠠᠮᠤᠷ ᠲᠦᠪᠰᠢᠨ ᠢ ᠬᠠᠮᠲᠤ ᠪᠠᠷ ᠰᠠᠶᠢᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠶ ᠪᠣᠯᠭᠠᠨ᠎ᠠ ᠃      
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ