ᠡᠨᠡ ᠨᠣᠮᠧᠷ ᠢ ᠴᠡᠭᠡᠵᠢᠯᠡᠵᠦ ᠠᠪᠤᠭᠠᠷᠠᠢ᠂ ᠵᠠᠩᠭᠢᠯᠠᠭ᠎ᠠ ᠶᠢᠨ ᠦᠶ᠎ᠡ ᠳᠤ ᠠᠮᠢ ᠶᠢ ᠴᠢᠨᠢ ᠠᠪᠤᠷᠠᠨ᠎ᠠ ᠰᠢᠦ︕
ᠨᠡᠶᠢᠲᠡᠯᠡᠭᠰᠡᠨ ᠴᠠᠭ᠄
2023/12/6
    ︽ ᠳᠤᠮᠳᠠᠳᠤ ᠤᠯᠤᠰ ᠤᠨ ᠴᠠᠭᠳᠠᠭᠠᠨ ᠤ ᠲᠠᠯ᠎ᠠ ᠶᠢᠨ ᠬᠢᠨ ︾ ᠣᠶᠢᠷ᠎ᠠ ᠳᠤ ᠰᠠᠨᠠᠭᠤᠯᠤᠮᠵᠢ ᠨᠡᠶᠢᠲᠡᠯᠡᠵᠦ ᠄ ᠳᠠᠮᠵᠢᠭᠤᠯᠤᠨ ᠪᠣᠷᠣᠯᠠᠭᠤᠯᠭ᠎ᠠ ᠶᠢᠨ ᠡᠭᠦᠷ ᠲᠤ ᠤᠨᠠᠬᠤ ᠂ ᠬᠡᠷ ᠲᠤ ᠴᠢᠨᠢ ᠬᠤᠯᠠᠭᠠᠶᠢᠴᠢ ᠤᠷᠤᠵᠤ ᠬᠤᠯᠠᠭᠠᠢ ᠬᠢᠬᠦ ᠲᠤᠨᠤᠵᠦ ᠳᠡᠭᠡᠷᠡᠮᠳᠡᠬᠦ ᠪᠠᠶᠢᠳᠠᠯ ᠳᠤ ᠲᠤᠯᠭᠠᠷᠠᠬᠤ ᠪᠠ ᠳᠦᠯᠡᠶ ᠶᠠᠪᠠ ᠬᠥᠮᠦᠨ ᠴᠠᠭᠳᠠᠭ᠎ᠠ ᠳᠤ ᠮᠡᠳᠡᠭᠦᠯᠬᠦ ᠪᠠᠷ ᠤᠲᠠᠰᠤ ᠠᠪᠬᠤ ᠳᠤ ᠳᠥᠭᠦᠮ ᠦᠭᠡᠢ ᠪᠠᠶᠢᠳᠠᠯ ᠳᠤ ᠲᠤᠯᠠᠭᠠᠷᠠᠬᠤ ᠳᠤ ᠬᠦᠷᠪᠡᠯ ᠂ ᠤᠴᠠᠷᠠᠵᠤ ᠪᠠᠶᠢᠭ᠎ᠠ ᠬᠠᠯᠳᠠᠯᠭ᠎ᠠ ᠂ ᠴᠠᠭᠳᠠᠭᠠᠨ ᠤ ᠲᠠᠯ᠎ᠠ ᠶᠢᠨ ᠬᠢᠨ ᠤ ᠤᠲᠠᠰᠤ ᠶᠢ ᠲᠣᠰᠬᠤ ᠳᠤ ᠲᠥᠬᠦᠮ ᠡᠰᠡᠬᠦ ᠶᠢᠨ ᠲᠤᠬᠠᠢ ᠤᠬᠤᠷ ᠠᠪᠰᠠᠷᠬᠠᠨ ᠮᠡᠳᠡᠭᠡ ᠶᠠᠪᠤᠭᠤᠯᠵᠤ ᠪᠤᠯᠤᠨ᠎ᠠ ᠂ ᠳᠠᠷᠠᠭ᠎ᠠ ᠨᠢ 12110 ᠳᠤ ᠳᠠᠷᠤᠶ ᠲᠦᠷᠭᠡᠨ ᠣᠬᠤᠷ ᠮᠡᠳᠡᠭᠡ ᠶᠠᠪᠤᠭᠤᠯᠵᠤ ᠲᠦᠭᠰᠢᠭᠦᠷᠢ ᠮᠡᠳᠡᠭᠦᠯᠪᠠᠯ ᠂ ᠴᠠᠭᠳᠠᠭᠠᠨ ᠤ ᠲᠠᠯ᠎ᠠ ᠶᠢᠨ ᠬᠢᠨ ᠪᠠᠷᠢᠨ ᠲᠤᠤᠷ᠎ᠠ ᠨᠢ ᠲᠦᠭᠰᠢᠭᠦᠷᠢ  ᠶᠢᠨ ᠠᠰᠠᠭᠤᠳᠠᠯ ᠢ ᠰᠢᠢᠳᠪᠦᠷᠢᠯᠡᠵᠦ ᠂ ᠴᠢᠮᠠᠶᠢ ᠠᠶᠤᠯ ᠠᠴᠠ ᠠᠪᠤᠷᠠᠵᠤ ᠭᠠᠷᠭᠠᠨ᠎ᠠ ᠭᠡᠵᠡᠶ ᠃ ᠠᠶᠤᠯ ᠲᠤᠯᠭᠠᠷᠠᠬᠰᠠᠨ ᠦᠶ᠎ᠡ ᠳᠤ ᠂ ᠴᠠᠭᠳᠠᠭ᠎ᠠ ᠳᠤ ᠮᠡᠳᠡᠭᠦᠯᠬᠦ ᠤᠲᠠᠰᠤ 110 ᠶᠢ ᠤᠳᠠᠰᠤᠳᠠᠭᠠᠷᠠᠢ ᠃    ᠣᠬᠤᠷ ᠮᠡᠳᠡᠭᠡ ᠪᠠᠷ ᠮᠡᠳᠡᠭᠦᠯᠬᠦ ᠨᠤᠮᠧᠷ ᠄ 12110 ᠃    12110 ᠨᠢ ᠶᠠᠭᠤ ᠪᠤᠢ ︖    12110 ᠭᠡᠳᠡᠭ ᠳᠤᠮᠳᠠᠳᠤ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠵᠣᠷᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠬᠤᠷ ᠮᠡᠳᠡᠭᠡ ᠪᠠᠷ ᠲᠦᠭᠰᠢᠭᠦᠷᠢ ᠮᠡᠳᠡᠭᠦᠯᠬᠦ ᠨᠢᠭᠡᠳᠦᠯᠲᠡᠶ ᠨᠣᠮᠧᠷ ᠪᠤᠯ ᠣᠬᠤᠷ ᠮᠡᠳᠡᠭᠡ ᠪᠠᠷ ᠲᠦᠭᠰᠢᠭᠦᠷᠢ ᠮᠡᠳᠡᠭᠦᠯᠬᠦ ᠨᠢᠭᠡᠨ ᠬᠡᠯᠪᠡᠷᠢ ᠮᠥᠨ ᠂ ᠡᠨᠡ ᠨᠢ 110 ᠤᠲᠠᠰᠤ ᠪᠠᠷ ᠲᠦᠭᠰᠢᠭᠦᠷᠢ ᠮᠡᠳᠡᠭᠦᠯᠬᠦ ᠶᠢᠨ ᠨᠥᠬᠦᠪᠥᠷᠢ ᠪᠣᠯᠤᠭᠰᠠᠨ ᠤ ᠬᠤᠪᠢ ᠳᠤ ᠂ ᠨᠢᠭᠡ ᠵᠦᠢᠯ ᠤᠨ ᠲᠤᠰᠠᠯᠠᠬᠤ ᠴᠢᠨᠠᠷᠲᠠᠶ ᠂ ᠲᠦᠭᠰᠢᠭᠦᠷᠢ ᠮᠡᠳᠡᠭᠦᠯᠵᠦ ᠲᠤᠰᠠᠯᠠᠮᠵᠢ ᠭᠤᠶᠤᠴᠢᠯᠠᠬᠤ ᠪᠠᠴᠢᠮ ᠪᠤᠰᠤ ᠠᠷᠭ᠎ᠠ ᠮᠠᠶ᠋ᠢᠭ ᠪᠤᠯᠤᠨ᠎ᠠ ᠃ ᠳᠣᠲᠣᠭᠠᠳᠤ ᠶᠢ ᠬᠠᠮᠠᠭᠠᠯᠠᠬᠤ ᠶᠠᠮᠤᠨ 2012 ᠣᠨ ᠠᠴᠠ ᠪᠥᠬᠦ ᠤᠯᠤᠰ ᠲᠤ 12110 ᠣᠬᠤᠷ ᠮᠡᠳᠡᠭᠡ ᠪᠠᠷ ᠲᠦᠭᠰᠢᠭᠦᠷᠢ ᠮᠡᠳᠡᠭᠦᠯᠬᠦ ᠦᠢᠯᠡᠴᠢᠯᠡᠭᠡ ᠶᠢ ᠨᠡᠶᠢᠳᠡᠮ ᠥᠷᠨᠢᠭᠦᠯᠵᠠᠢ ᠃     
ᠢᠷᠡᠯᠲᠡ᠄ ᠠᠷᠠᠳ ᠤᠨ ᠰᠦᠯᠵᠢᠶ᠎ᠡ