| ︽ ᠬᠤᠣᠰ ᠠᠷᠪᠠᠨ ᠨᠢᠭᠡ ︾ ︽ ᠬᠤᠣᠰ ᠠᠷᠪᠠᠨ ᠬᠤᠶᠠᠷ ︾ ᠤᠨ ᠬᠡᠷᠡᠭᠯᠡᠭᠡ ᠶᠢ ᠬᠥᠭᠵᠢᠭᠡᠬᠦ ᠥᠷᠨᠢᠯᠲᠡ ᠬᠦᠷᠴᠦ ᠢᠷᠡᠬᠦ ᠲᠠᠰᠢᠷᠠᠮ ᠢᠶᠠᠷ ᠂ ᠤᠯᠠᠨ | ᠬᠡᠷᠡᠭᠯᠡᠭᠴᠢᠳ ᠰᠦᠯᠵᠢᠶᠡᠨ ᠤ ᠲᠠᠪᠴᠠᠩ ᠢᠶᠠᠷ ᠳᠠᠮᠵᠢᠨ ᠪᠠᠷᠠᠭ᠎ᠠ ᠬᠤᠳᠠᠯᠳᠤᠨ ᠠᠪᠬᠤ ᠪᠣᠯᠣᠨ᠎ᠠ ᠃ ᠡᠭᠦᠨ ᠳᠤ ᠬᠠᠤᠯᠢ ᠪᠤᠰᠤ ᠡᠲᠡᠭᠡᠳ ᠤᠨ ᠲᠠᠪᠴᠠᠩ ᠢᠶᠠᠷ ᠪᠠᠷᠠᠭ᠎ᠠ | ᠪᠤᠴᠠᠭᠠᠬᠤ ᠪᠠ ᠵᠣᠭᠤᠰ ᠢ ᠪᠤᠴᠠᠭᠠᠬᠤ ᠨᠡᠷ᠎ᠡ ᠪᠠᠷ ᠮᠡᠬᠡᠯᠡᠬᠦ ᠠᠵᠢᠯᠯᠠᠭ᠎ᠠ ᠬᠢᠬᠦ ᠠᠴᠠ ᠰᠡᠷᠭᠡᠶᠢᠯᠡᠬᠦ ᠬᠡᠷᠡᠭᠲᠡᠢ ᠃ ᠬᠠᠤᠯᠢ ᠪᠤᠰᠤ ᠡᠲᠡᠭᠡᠳ ᠤᠷᠢᠳ ᠢᠶᠠᠷ ᠬᠠᠤᠯᠢ ᠪᠤᠰᠤ | ᠠᠷᠭ᠎ᠠ ᠵᠠᠮ ᠢᠶᠠᠷ ᠬᠡᠷᠡᠭᠯᠡᠭᠴᠢᠳ ᠤᠨ ᠪᠠᠷᠠᠭ᠎ᠠ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠣᠯᠵᠤ ᠂ ᠪᠠᠷᠠᠭ᠎ᠠ ᠲᠠᠸᠠᠷ ᠪᠤᠴᠠᠭᠠᠬᠤ ᠪᠤᠶᠤ ᠵᠣᠭᠤᠰ ᠮᠥᠩᠭᠦ | ᠪᠤᠴᠠᠭᠠᠬᠤ ᠮᠡᠲᠦ ᠶᠢᠨ ᠤᠷᠠᠨ ᠦᠭᠡ ᠪᠠᠷ ᠤᠬᠠᠭᠠᠯᠠᠨ ᠲᠠᠲᠠᠵᠤ ᠂ ᠲᠤᠭ᠎ᠠ ᠨᠤᠷᠮ᠎ᠠ ᠠᠴᠠ ᠳᠠᠪᠠᠭᠤᠯᠤᠨ ᠲᠥᠯᠥᠵᠦ ᠥᠭᠭᠦᠨ᠎ᠡ ᠭᠡᠵᠦ ᠬᠤᠳᠠᠯ ᠬᠡᠯᠡᠵᠦ ᠂ ᠬᠤᠬᠢᠷᠠᠯ | ᠠᠮᠰᠠᠭᠴᠢ ᠶᠢᠨ ︽ ᠠᠰᠢᠭ ᠬᠥᠭᠡᠭᠡᠴᠡᠯᠳᠦᠬᠦ ︾ ᠲᠠᠯ᠎ᠠ ᠶᠢ ᠠᠰᠢᠭᠯᠠᠵᠤ ᠂ ᠳᠠᠷᠠᠭ᠎ᠠ ᠨᠢ ᠬᠡᠷᠡᠭᠯᠡᠭᠴᠢᠳ ᠢ ᠠᠯᠪᠠᠨ ᠤ ᠲᠠᠯ᠎ᠠ ᠶᠢᠨ ᠲᠠᠪᠴᠠᠩ ᠠᠴᠠ ᠰᠠᠯᠭᠠᠵᠤ ᠂ | ᠬᠠᠭᠤᠷᠮᠠᠭ APP ᠪᠠᠭᠤᠯᠭᠠᠬᠤ ᠪᠤᠶᠤ ᠲᠥᠯᠥᠪᠦᠷᠢ ᠥᠭᠬᠦ ᠨᠡᠷ᠎ᠡ ᠪᠠᠷ ᠬᠡᠷᠡᠭᠯᠡᠭᠴᠢᠳ ᠤᠨ ᠪᠠᠩᠬᠢ ᠶᠢᠨ ᠺᠠᠷᠲ ᠤᠨ ᠨᠣᠮᠧᠷ ᠂ ᠭᠠᠷ ᠤᠲᠠᠰᠤᠨ ᠤ ᠨᠣᠮᠧᠷ ᠂ ᠰᠢᠯᠭᠠᠨ | ᠪᠠᠲᠤᠯᠠᠬᠤ ᠨᠣᠮᠧᠷ ᠵᠡᠷᠭᠡ ᠮᠡᠳᠡᠭᠡ ᠵᠠᠩᠭᠢ ᠶᠢ ᠠᠪᠴᠤ ᠂ ᠡᠴᠦᠰ ᠲᠡᠭᠡᠨ ᠬᠡᠷᠡᠭᠯᠡᠭᠴᠢᠳ ᠤᠨ ᠵᠣᠭᠤᠰ ᠮᠥᠩᠭᠦ ᠶᠢ ᠰᠢᠯᠵᠢᠭᠦᠯᠦᠨ ᠠᠪᠠᠴᠢᠳᠠᠭ ᠃ | ᠥᠷᠭᠡᠨ ᠤᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ ᠂ ᠳᠤᠮᠳᠠᠳᠤ ᠤᠯᠤᠰ ᠤᠨ ᠬᠡᠷᠡᠭᠯᠡᠭᠴᠢᠳ ᠤᠨ | ᠨᠡᠶᠢᠭᠡᠮᠯᠢᠭ ᠳᠣᠣᠷᠠᠬᠢ ᠮᠡᠲᠦ ᠰᠠᠨᠠᠭᠤᠯᠤᠮᠵᠢ ᠭᠠᠷᠭᠠᠪᠠ ᠂ ᠥᠷᠭᠡᠨ ᠤᠯᠠᠨ ᠬᠡᠷᠡᠭᠯᠡᠭᠴᠢᠳ ᠠᠩᠬᠠᠷᠤᠯ ᠳᠠᠭᠠᠨ ᠠᠪᠬᠤ ᠪᠣᠯᠪᠠᠤ ᠄ | ᠨᠢᠭᠡ ᠂ ᠪᠠᠷᠠᠭ᠎ᠠ ᠶᠢ ᠪᠤᠴᠠᠭᠠᠬᠤ ᠪᠠ ᠵᠣᠭᠤᠰ ᠢ ᠪᠤᠴᠠᠭᠠᠬᠤ ᠠᠯᠬᠤᠮ ᠳᠠᠷᠠᠭ᠎ᠠ ᠶᠢ ᠣᠶᠢᠯᠠᠭᠠᠬᠤ ᠬᠡᠷᠡᠭᠲᠡᠢ ᠃ ᠰᠦᠯᠵᠢᠶ᠎ᠡ ᠪᠠᠷ ᠬᠤᠳᠠᠯᠳᠤᠨ ᠠᠪᠬᠤ | ᠲᠠᠪᠴᠠᠩ ᠤᠨ ᠵᠣᠭᠤᠰ ᠪᠤᠴᠠᠭᠠᠬᠤ ᠨᠢ ᠴᠥᠮ ᠬᠡᠷᠡᠭᠯᠡᠭᠴᠢ ᠶᠢᠨ ᠲᠠᠩᠰᠠᠨ ᠡᠷᠦᠭᠡ ᠶᠢᠨ ᠤᠤᠯ ᠵᠠᠮ ᠢᠶᠠᠷ ᠪᠤᠴᠠᠵᠤ ᠢᠷᠡᠳᠡᠭ ᠂ ᠪᠤᠰᠤᠳ APP ᠪᠠᠭᠤᠯᠭᠠᠬᠤ | ᠴᠢᠬᠤᠯᠠ ᠦᠭᠡᠢ ᠃ ᠥᠪᠡᠷ ᠢ ᠪᠠᠨ ︽ ᠬᠤᠳᠠᠯᠳᠤᠭᠠᠴᠢᠨ ︾ ᠪᠤᠶᠤ ︽ ᠦᠢᠯᠡᠴᠢᠯᠡᠭᠴᠢ ︾ ᠭᠡᠵᠦ ᠨᠡᠷᠡᠯᠡᠭᠰᠡᠨ ᠤᠲᠠᠰᠤ ᠶᠢ ᠲᠤᠰᠪᠠᠯ ᠂ ᠠᠯᠪᠠᠨ ᠤ ᠲᠠᠯ᠎ᠠ ᠶᠢᠨ | ᠲᠠᠪᠴᠠᠩ ᠳᠤ ᠭᠠᠷᠴᠤ ᠦᠨᠡᠨ ᠬᠤᠳᠠᠯ ᠢ ᠨᠢ ᠬᠢᠨᠠᠨ ᠮᠠᠭᠠᠳᠯᠠᠬᠤ ᠬᠡᠷᠡᠭᠲᠡᠢ ᠃ | ᠬᠤᠶᠠᠷ ᠂ ᠬᠤᠪᠢ ᠬᠥᠮᠥᠨ ᠤ ᠮᠡᠳᠡᠭᠡ ᠵᠠᠩᠭᠢ ᠪᠠᠨ ᠰᠠᠶᠢᠲᠤᠷ ᠬᠠᠮᠠᠭᠠᠯᠠᠨ᠎ᠠ ᠃ ᠪᠠᠷᠠᠭ᠎ᠠ ᠪᠤᠴᠠᠭᠠᠵᠤ ᠵᠣᠭᠤᠰ ᠪᠤᠴᠠᠭᠠᠬᠤ ᠮᠡᠬᠡᠯᠡᠯ ᠤᠨ ᠣᠯᠠᠩᠬᠢ ᠨᠢ | ᠬᠡᠷᠡᠭᠯᠡᠭᠴᠢᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠠᠰᠢᠭᠯᠠᠨ ᠬᠡᠷᠡᠭᠵᠢᠭᠦᠯᠳᠡᠭ ᠂ ᠡᠶᠢᠮᠦ ᠠᠴᠠ ᠡᠳᠦᠷ ᠲᠤᠲᠤᠮ ᠤᠨ ᠠᠮᠢᠳᠤᠷᠠᠯ | ᠳᠤᠮᠳᠠ ᠪᠠᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ ᠂ ᠲᠠᠨᠢᠯ ᠪᠤᠰᠤ ᠬᠤᠶᠠᠷ ᠬᠡᠮᠵᠢᠯᠲᠦ ᠺᠣᠳ᠋ ᠢ ᠰᠢᠷᠪᠢᠵᠦ ᠪᠤᠯᠬᠤ | ᠦᠭᠡᠢ ᠂ ᠲᠠᠨᠢᠯ ᠪᠤᠰᠤ ᠵᠥᠭᠡᠯᠡᠨ ᠲᠣᠨᠤᠭ ᠢ ᠪᠠᠭᠤᠯᠭᠠᠵᠤ ᠪᠤᠯᠬᠤ ᠦᠭᠡᠢ ᠂ ᠲᠠᠨᠢᠯ ᠪᠤᠰᠤ ᠬᠥᠮᠥᠰ ᠤᠨ ᠶᠠᠷᠢᠯᠴᠠᠭ᠎ᠠ ᠳᠤ ᠣᠷᠣᠯᠴᠠᠵᠤ ᠪᠤᠯᠬᠤ ᠦᠭᠡᠢ ᠂ ᠢᠯᠠᠩᠭᠤᠶ᠎ᠠ | ᠥᠪᠡᠷ ᠤᠨ ᠪᠡᠶ᠎ᠡ ᠶᠢᠨ ᠦᠨᠡᠮᠯᠡᠯ ᠤᠨ ᠨᠣᠮᠧᠷ ᠂ ᠪᠠᠩᠬᠢ ᠶᠢᠨ ᠺᠠᠷᠲ ᠤᠨ ᠨᠣᠮᠧᠷ ᠂ ᠰᠢᠯᠭᠠᠨ ᠪᠠᠲᠤᠯᠠᠬᠤ ᠺᠣᠳ᠋ ᠵᠡᠷᠭᠡ ᠴᠢᠬᠤᠯᠠ ᠮᠡᠳᠡᠭᠡ ᠵᠠᠩᠭᠢ ᠪᠠᠨ ᠰᠠᠶᠢᠲᠤᠷ | ᠬᠠᠮᠠᠭᠠᠯᠠᠵᠤ ᠂ ᠰᠦᠯᠵᠢᠶᠡᠨ ᠤ ᠮᠡᠬᠡᠯᠡᠯ ᠠᠴᠠ ᠰᠡᠷᠭᠡᠶᠢᠯᠡᠬᠦ ᠬᠡᠷᠡᠭᠲᠡᠢ ᠃ | ᠭᠤᠷᠪᠠ ᠂ ᠪᠠᠩᠬᠢ ᠶᠢᠨ ᠺᠠᠷᠲ ᠢᠶᠠᠷ ᠵᠣᠭᠤᠰ ᠰᠢᠯᠵᠢᠭᠦᠯᠬᠦ ᠶᠢ ᠰᠡᠷᠡᠮᠵᠢᠯᠡᠬᠦ ᠬᠡᠷᠡᠭᠲᠡᠢ ᠃ ᠰᠦᠯᠵᠢᠶᠡᠨ ᠤ ᠮᠡᠬᠡᠯᠡᠯ ᠤᠨ ᠡᠴᠦᠰ ᠤᠨ ᠠᠯᠬᠤᠮ ᠤᠨ ᠣᠯᠠᠩᠬᠢ ᠨᠢ | ᠬᠤᠬᠢᠷᠠᠯ ᠠᠮᠰᠠᠭᠴᠢ ᠶᠢ ᠬᠠᠭᠤᠷᠤᠨ ᠮᠡᠬᠡᠯᠡᠵᠦ ᠪᠠᠶᠢᠭᠠᠳ ᠵᠣᠭᠤᠰ ᠰᠢᠯᠵᠢᠭᠦᠯᠳᠡᠭ ᠃ ᠡᠶᠢᠮᠦ ᠠᠴᠠ ᠶᠠᠮᠠᠷ ᠨᠢᠭᠡᠨ ᠰᠢᠯᠲᠠᠭᠠᠨ ᠢᠶᠠᠷ ᠪᠠᠩᠬᠢ ᠶᠢᠨ ᠺᠠᠷᠲ ᠤᠨ ᠳᠠᠩᠰᠠᠨ | ᠨᠣᠮᠧᠷ ᠂ ᠨᠢᠭᠤᠴᠠ ᠨᠣᠮᠧᠷ ᠂ ᠵᠣᠭᠤᠰ ᠰᠢᠯᠵᠢᠭᠦᠯᠬᠦ ᠂ ᠵᠣᠭᠤᠰ ᠭᠤᠪᠢᠭᠤᠯᠬᠤ ᠵᠡᠷᠭᠡ ᠱᠠᠭᠠᠷᠳᠠᠯᠭ᠎ᠠ ᠭᠠᠷᠪᠠᠯ ᠳᠡᠭᠡᠳᠦ ᠬᠡᠮᠵᠢᠶ᠎ᠡ ᠪᠠᠷ ᠰᠡᠷᠡᠮᠵᠢᠯᠡᠵᠦ ᠂ ᠲᠡᠷᠡ | ᠳᠠᠷᠤᠢ ᠳᠤᠨᠢ ᠵᠣᠭᠰᠤᠭᠠᠬᠤ ᠬᠡᠷᠡᠭᠲᠡᠢ ᠃ ᠳᠤᠮᠳᠠᠳᠤ ᠤᠯᠤᠰ ᠤᠨ ᠬᠡᠷᠡᠭᠯᠡᠭᠴᠢᠳ ᠤᠨ ᠨᠡᠶᠢᠭᠡᠮᠯᠢᠭ ᠠᠴᠠ ᠰᠦᠯᠵᠢᠶᠡᠨ ᠬᠤᠳᠠᠯᠳᠤᠭᠠᠨ ᠤ ᠲᠠᠪᠴᠠᠩ ᠤᠨ ᠡᠵᠡᠩᠨᠡᠭᠴᠢ | ᠬᠡᠷᠡᠭᠯᠡᠭᠴᠢᠳ ᠤᠨ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠮᠡᠳᠡᠭᠡ ᠵᠠᠩᠭᠢ ᠶᠢ ᠬᠠᠮᠠᠭᠠᠯᠠᠬᠤ | ᠤᠬᠠᠮᠰᠠᠷ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠰᠦᠯᠵᠢᠶᠡᠨ ᠤ ᠬᠡᠷᠡᠭᠯᠡᠭᠡᠨ ᠤ ᠠᠮᠤᠷ ᠲᠦᠪᠰᠢᠨ ᠪᠥᠭᠡᠳ ᠰᠠᠨᠠᠭ᠎ᠠ ᠠᠮᠤᠷ ᠣᠷᠴᠢᠨ | ᠨᠥᠬᠦᠴᠡᠯ ᠢ ᠴᠢᠷᠮᠠᠶᠢᠨ ᠪᠤᠶ ᠪᠤᠯᠭᠠᠵᠤ ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ ᠂ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ ᠃ | | |