| ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠬᠡᠷ ᠳᠣᠲᠣᠷᠠᠬᠢ ᠠᠭᠠᠷ ᠲᠤᠳᠤᠷ᠎ᠠ ᠠᠴᠠ ᠠᠮᠢᠰᠬᠤᠯ ᠤᠨ ᠵᠠᠮ ᠤᠨ ᠡᠪᠡᠳᠴᠢᠨ ᠡᠭᠦᠰᠭᠡᠭᠴᠢ ᠶᠢ | ᠠᠷᠢᠯᠭᠠᠬᠤ ᠨᠢ ᠣᠨᠣᠯ ᠤᠨ ᠲᠠᠯ᠎ᠠ ᠪᠠᠷ ᠠᠪᠴᠤ ᠬᠡᠯᠡᠪᠡᠯ ᠬᠠᠯᠳᠠᠪᠤᠷᠢᠲᠤ ᠡᠪᠡᠳᠴᠢᠨ ᠢ ᠡᠵᠡᠮᠳᠡᠬᠦ ᠨᠢᠭᠡ ᠵᠦᠢᠯ ᠤᠨ ᠡᠮ ᠤᠨ ᠪᠤᠰᠤ ᠠᠷᠭ᠎ᠠ ᠪᠣᠳᠣᠯᠭ᠎ᠠ ᠪᠣᠯᠵᠤ | ᠪᠣᠯᠤᠨ᠎ᠠ ᠃ ᠭᠡᠪᠡᠴᠦ ᠠᠩᠭ᠍ᠯᠢ ᠶᠢᠨ ᠨᠢᠭᠡᠨ ᠰᠢᠨ᠎ᠡ ᠰᠤᠳᠤᠯᠭᠠᠨ ᠳᠤ ᠬᠠᠷᠠᠭᠤᠯᠤᠭᠰᠠᠨ ᠢᠶᠠᠷ ᠂ ᠪᠣᠳᠠᠲᠤ ᠶᠢᠷᠳᠢᠨᠴᠤ ᠳᠤ ᠂ ᠠᠭᠠᠷ ᠴᠡᠪᠡᠷᠰᠢᠭᠦᠯᠦᠭᠴᠢ ᠵᠡᠷᠭᠡ ᠦᠷᠭᠦᠯᠵᠢ | ᠬᠡᠷᠡᠭᠯᠡᠳᠡᠭ ᠲᠥᠬᠦᠭᠡᠷᠦᠮᠵᠢ ᠨᠢ ᠬᠥᠮᠦᠰ ᠤᠨ ᠠᠮᠢᠰᠬᠤᠯ ᠤᠨ ᠵᠠᠮ ᠤᠨ ᠡᠪᠡᠳᠴᠢᠨ ᠡᠭᠦᠰᠭᠡᠭᠴᠢ ᠶᠢᠨ ᠬᠠᠯᠳᠠᠪᠤᠷᠢᠯᠠᠯ ᠤᠨ ᠲᠦᠭᠰᠢᠭᠦᠷᠢ ᠶᠢ ᠪᠠᠭᠤᠷᠠᠭᠤᠯᠬᠤ ᠳᠤ | ᠪᠡᠷᠬᠡ ᠶᠤᠮ ᠃ ᠠᠩᠭ᠍ᠯᠢ ᠶᠢᠨ ᠵᠡᠭᠦᠨ ᠠᠩᠭᠦᠯᠢᠶᠠ ᠶᠡᠭᠡ ᠰᠤᠷᠭᠠᠭᠤᠯᠢ ᠰᠣᠨᠢᠨ ᠮᠡᠳᠡᠭᠡᠨ ᠤ ᠠᠯᠪᠠᠨ ᠮᠡᠳᠡᠭᠡ ᠨᠡᠶᠢᠲᠡᠯᠡᠵᠦ ᠂ ᠲᠤᠰ ᠰᠤᠷᠭᠠᠭᠤᠯᠢ ᠪᠣᠯᠤᠨ ᠯᠤᠨᠳᠤᠨ | ᠶᠡᠭᠡ ᠰᠤᠷᠭᠠᠭᠤᠯᠢ ᠶᠢᠨ ᠳᠡᠭᠡᠳᠦ ᠰᠤᠷᠭᠠᠭᠤᠯᠢ ᠂ ᠤᠰᠤᠺᠰ ᠶᠡᠭᠡ ᠰᠤᠷᠭᠠᠭᠤᠯᠢ ᠵᠡᠷᠭᠡ ᠪᠠᠶᠢᠭᠤᠯᠤᠮᠵᠢ ᠶᠢᠨ ᠰᠤᠳᠤᠯᠭᠠᠲᠠᠳ ᠤᠢᠢᠷ᠎ᠠ ᠳᠤ ᠠᠮᠧᠷᠢᠺᠠ ᠶᠢᠨ ︽ | ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ ︾ ᠰᠡᠳᠬᠦᠯ ᠳᠡᠭᠡᠷ᠎ᠡ ᠥᠭᠦᠯᠡᠯ ᠨᠡᠶᠢᠲᠡᠯᠡᠵᠦ ᠂ 1970 ᠣᠨ ᠠᠴᠠ 2022 ᠣᠨ ᠪᠣᠯᠲᠠᠯ᠎ᠠ ᠨᠡᠶᠢᠲᠡᠯᠡᠭᠰᠡᠨ 32 | ᠵᠦᠢᠯ ᠤᠨ ᠰᠤᠳᠤᠯᠭᠠᠨ ᠳᠤ ᠰᠢᠰᠲ᠋ᠧᠮ ᠲᠠᠢ ᠡᠷᠭᠢᠴᠡᠭᠦᠯᠦᠯ ᠬᠢᠵᠦ ᠂ ᠭᠡᠷ ᠳᠣᠲᠣᠷᠠᠬᠢ ᠠᠭᠠᠷ ᠢ ᠰᠢᠢᠳᠪᠦᠷᠢᠯᠡᠬᠦ ᠮᠡᠷᠭᠡᠵᠢᠯ ᠤᠨ ᠠᠮᠢᠰᠬᠤᠯ ᠤᠨ ᠵᠠᠮ ᠪᠤᠶᠤ | ᠬᠤᠳᠣᠭᠤᠳᠣ ᠭᠡᠳᠡᠰᠦᠨ ᠤ ᠬᠠᠯᠳᠠᠪᠤᠷᠢᠯᠠᠯ ᠢ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠬᠢ ᠪᠦᠲᠦᠮᠵᠢᠲᠡᠢ ᠭᠡᠷᠡᠴᠢ ᠪᠠᠷᠢᠮᠲᠠ ᠶᠢ ᠡᠷᠢᠪᠡ ᠃ ᠡᠲᠡᠭᠡᠷ ᠰᠤᠳᠤᠯᠭᠠᠨ ᠨᠢ | ᠴᠥᠮ ᠰᠤᠷᠭᠠᠭᠤᠯᠢ ᠪᠤᠶᠤ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠪᠣᠳᠠᠲᠤ ᠣᠷᠴᠢᠨ ᠨᠦᠬᠦᠴᠡᠯ ᠳᠤ ᠶᠠᠪᠤᠭᠳᠠᠵᠤ ᠂ ᠰᠤᠳᠤᠯᠭᠠᠨ ᠳᠤ ᠤᠷᠤᠯᠴᠠᠭᠰᠠᠨ ᠬᠦᠮᠦᠰ | ᠭᠠᠷᠠᠭ ᠪᠦᠷᠢ ᠨᠠᠭᠠᠳᠤ ᠵᠠᠬ᠎ᠠ ᠳᠠᠭᠠᠨ 20 ᠴᠠᠭ ᠣᠯᠠᠨ ᠨᠡᠶᠢᠲᠡ ᠶᠢᠨ ᠬᠡᠷ ᠳᠣᠲᠣᠷᠠᠬᠢ ᠣᠷᠣᠨ ᠵᠠᠶ ᠳᠤ ᠰᠠᠭᠤᠳᠠᠭ ᠭᠡᠪᠡ ᠃ | ᠰᠤᠳᠤᠯᠭᠠᠨ ᠳᠤ ᠤᠷᠤᠯᠴᠠᠭᠰᠠᠨ ᠬᠦᠮᠦᠰ ᠤᠨ ᠬᠠᠯᠳᠠᠪᠤᠷᠢᠯᠠᠯ ᠪᠤᠶᠤ ᠡᠪᠡᠳᠴᠢᠨ ᠤ ᠢᠯᠡᠷᠡᠯ ᠵᠡᠷᠭᠡ ᠳ᠋ᠠᠶᠢᠲ᠋ᠠ ᠶᠢᠨ ᠵᠠᠳᠠᠯᠤᠯᠲᠠ ᠶᠢᠨ ᠦᠷ᠎ᠡ ᠳ᠋ᠦᠩ ᠳᠤ | ᠬᠠᠷᠠᠭᠤᠯᠤᠭᠰᠠᠨ ᠢᠶᠠᠷ ᠂ ᠡᠲᠡᠭᠡᠷ ᠮᠡᠷᠭᠡᠵᠢᠯ ᠨᠢ ᠬᠥᠮᠦᠨ ᠲᠥᠷᠥᠯᠬᠢᠲᠡᠨ ᠢ ᠠᠮᠢᠰᠬᠤᠯ ᠤᠨ ᠵᠠᠮ ᠪᠤᠶᠤ ᠬᠤᠳᠣᠭᠤᠳᠣ ᠭᠡᠳᠡᠰᠦᠨ ᠤ ᠵᠠᠮ ᠤᠨ ᠬᠠᠯᠳᠠᠪᠤᠷᠢᠯᠠᠯ ᠠᠴᠠ | ᠵᠠᠶᠢᠯᠠᠭᠤᠯᠵᠤ ᠴᠢᠳᠠᠬᠤ ᠭᠡᠷᠡᠴᠢ ᠪᠠᠷᠢᠮᠳᠠ ᠪᠠᠷᠤᠭ ᠪᠠᠶᠢᠬᠤ ᠥᠬᠡᠶ ᠃ ᠬᠡᠳᠦ᠋ᠪᠡᠷ ᠣᠲᠣ ᠪᠠᠶᠢᠭ᠎ᠠ ᠭᠡᠷᠡᠴᠢ ᠪᠠᠷᠢᠮᠲᠠ ᠠᠴᠠ ᠦᠵᠡᠪᠡᠯ ᠂ ᠬᠡᠳᠦᠨ ᠵᠦᠢᠯ ᠤᠨ | ᠮᠡᠷᠭᠡᠵᠢᠯ ᠤᠨ ᠠᠷᠭ᠎ᠠ ᠪᠠᠷᠢᠯ ᠂ ᠢᠯᠠᠩᠭᠤᠶ᠎ᠠ ᠪᠠᠺᠲ᠋ᠧᠷᠢ ᠠᠯᠠᠬᠤ ᠳ᠋ᠧᠩ ᠪᠠ ᠥᠨᠳᠥᠷ ᠪᠦᠲᠦᠮᠵᠢᠲᠡᠶ ᠠᠭᠠᠷ ᠤᠨ ᠱᠦᠭᠦᠭᠦᠷ ︵ HEPA ︶ ᠢᠶᠠᠷ ᠳᠠᠮᠵᠢᠭᠤᠯᠤᠨ ᠬᠡᠷ | ᠳᠣᠲᠣᠷᠠᠬᠢ ᠣᠷᠴᠢᠨ ᠲᠤᠭᠤᠷᠢᠨ ᠪᠠ ᠡᠳ᠋ ᠪᠣᠳᠠᠰ ᠤᠨ ᠥᠩᠭᠡᠨ ᠲᠠᠯ᠎ᠠ ᠶᠢᠨ ᠪᠣᠬᠢᠷᠲᠤᠯ ᠢ ᠪᠠᠭᠠᠰᠬᠠᠵᠤ ᠪᠣᠯᠬᠤ ᠪᠣᠯᠪᠠᠴᠤ ᠡᠲᠡᠭᠡᠷ ᠮᠡᠷᠭᠡᠵᠢᠯ ᠤᠨ ᠪᠣᠳᠠᠲᠤ ᠣᠷᠴᠢᠨ | ᠨᠦᠬᠦᠴᠡᠯ ᠳᠤ ᠠᠮᠢᠰᠬᠤᠯ ᠤᠨ ᠵᠠᠮ ᠤᠨ ᠡᠪᠡᠳᠴᠢᠨ ᠡᠭᠦᠰᠭᠡᠭᠴᠢ ᠶᠢᠨ ᠬᠠᠯᠳᠠᠪᠤᠷᠢᠯᠠᠯ ᠢ ᠪᠠᠭᠠᠰᠬᠠᠬᠤ ᠪᠤᠶᠤ ᠬᠤᠷᠢᠭᠯᠠᠵᠤ ᠴᠢᠳᠠᠬᠤ ᠬᠦᠴᠦᠲᠡᠶ ᠭᠡᠷᠡᠴᠢ ᠪᠠᠷᠢᠮᠲᠠ | ᠪᠠᠶᠢᠬᠤ ᠥᠬᠡᠶ ᠃ ᠰᠤᠳᠤᠯᠭᠠᠨ ᠨᠢ ᠠᠭᠠᠷ ᠱᠦᠭᠦᠬᠦ ᠲᠥᠬᠦᠭᠡᠷᠦᠮᠵᠢ ᠂ ᠪᠠᠺᠲ᠋ᠧᠷᠢ ᠠᠯᠠᠬᠤ ᠳ᠋ᠧᠩ ᠪᠠ ᠢᠶᠣᠨ ᠡᠭᠦᠰᠭᠡᠭᠦᠷ ᠵᠡᠷᠭᠡ ᠭᠡᠷ ᠳᠣᠲᠣᠷᠠᠬᠢ ᠠᠭᠠᠷ | ᠰᠢᠢᠳᠪᠦᠷᠢᠯᠡᠬᠦ ᠲᠥᠰᠦᠯ ᠢ ᠪᠠᠭᠲᠠᠭᠠᠪᠠ ᠃ ᠰᠤᠳᠤᠯᠭᠠᠲᠠᠳ ᠂ ᠬᠡᠷ ᠳᠣᠲᠣᠷᠠᠬᠢ ᠠᠭᠠᠷ ᠰᠢᠢᠳᠪᠦᠷᠢᠯᠡᠬᠦ ᠲᠥᠬᠦᠭᠡᠷᠦᠮᠵᠢ ᠤᠭᠰᠠᠷᠠᠬᠤ ᠵᠠᠷᠤᠳᠠᠯ ᠪᠠᠭ᠎ᠠ ᠪᠤᠰᠤ ᠪᠠᠶᠢᠳᠠᠭ ᠂ | ᠡᠨᠡ ᠬᠦ ᠰᠤᠳᠤᠯᠭᠠᠨ ᠤ ᠦᠷ᠎ᠡ ᠳ᠋ᠦᠩ ᠨᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠭᠴᠢ ᠶᠢᠨ ᠪᠠᠶᠢᠳᠠᠯ ᠢ ᠪᠥᠬᠦ | ᠲᠠᠯ᠎ᠠ ᠪᠠᠷ ᠣᠶᠢᠯᠠᠭᠠᠵᠤ ᠂ ᠥᠪᠡᠷ ᠤᠨ ᠥᠷᠲᠡᠭ ᠪᠣᠯᠤᠨ ᠠᠰᠢᠭ ᠣᠷᠣᠯᠭ᠎ᠠ ᠳᠤ ᠴᠢᠭᠯᠡᠭᠦᠯᠦᠨ ᠨᠠᠩ ᠵᠦᠶ ᠵᠣᠬᠢᠰᠲᠠᠶ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ | ᠠᠰᠢᠭᠲᠠᠶ ᠶᠤᠮ ᠭᠡᠵᠦ ᠢᠯᠡᠳᠭᠡᠪᠡ ᠃ ︵ ︽ ᠰᠢᠨᠬᠤᠸᠠ ᠰᠦᠯᠵᠢᠶ᠎ᠡ ︾ ᠠᠴᠠ ︶ | |