︵ᠭᠤᠷᠪᠠ︶  ᠬᠤᠶᠠᠷ ᠬᠤᠷᠠᠯ ᠳᠤ ᠠᠩᠬᠠᠷᠤᠯ ᠢᠶᠠᠨ ᠬᠠᠨᠳᠤᠭᠤᠯᠤᠶ᠎ᠠ/ ᠠᠷᠠᠳ ᠤᠨ ᠠᠮᠢᠳᠤᠷᠠᠯ ᠳᠤ ᠬᠤᠯᠪᠣᠭᠳᠠᠬᠰᠠᠨ ᠠᠰᠠᠭᠤᠳᠠᠯ ᠤᠨ ᠳᠤᠬᠠᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠡᠳᠬᠢᠯ ᠤᠨ ᠳᠠᠭᠤᠨ
ᠨᠡᠶᠢᠲᠡᠯᠡᠭᠰᠡᠨ ᠴᠠᠭ᠄
2023/2/14
         ᠤᠳᠠᠭᠠᠨ ᠴᠢᠨᠠᠷᠲᠠᠢ ᠡᠪᠡᠳᠴᠢᠨ ᠤ ᠰᠡᠷᠭᠡᠶᠢᠯᠡᠯᠲᠡ  ᠶᠢ ᠴᠢᠩᠭᠠᠳᠬᠠᠨ ᠂ ᠪᠥᠬᠦ ᠬᠤᠰᠢᠭᠤᠨ ᠤ ᠠᠷᠠᠳ ᠤᠯᠠᠨ  ᠤ ᠡᠷᠡᠭᠦᠯ ᠮᠡᠨᠳᠦ  ᠶᠢᠨ ᠬᠢᠷᠢ ᠲᠦᠪᠰᠢᠨ  ᠢ ᠳᠡᠭᠡᠭᠰᠢᠯᠡᠭᠦᠯᠬᠦ ᠲᠤᠬᠠᠢ ᠪᠢ ᠡᠨᠡ ᠤᠳᠠᠭ᠎ᠠ ᠰᠠᠨᠠᠯ ᠳᠤᠷᠠᠳᠤᠯᠭ᠎ᠠ ᠳᠤ  ᠪᠠᠨ ᠳᠤᠷᠠᠳᠤᠭᠰᠠᠨ ᠶᠤᠮ ᠃ 2022 ᠣᠨ ᠤ ᠪᠦᠭᠦ ᠬᠤᠰᠢᠭᠤᠨ ᠤ ᠪᠦᠷᠢᠳᠭᠡᠭᠰᠡᠨ ᠳᠤᠭ᠎ᠠ ᠪᠠᠷᠢᠮᠳᠠ ᠠᠴᠠ ᠦᠵᠡᠪᠡᠯ ᠂ ᠤᠳᠠᠭᠠᠨ ᠴᠢᠨᠠᠷᠲᠠᠢ ᠬᠠᠯᠳᠠᠪᠤᠷᠢᠲᠤ ᠪᠤᠰᠤ ᠡᠪᠡᠳᠴᠢᠨ   ᠢᠶᠠᠷ ᠦᠬᠦᠭᠰᠡᠨ ᠬᠠᠷᠢᠴᠠᠯ ᠤᠳᠤᠬᠠᠨ  ᠳᠤ 57.91% ᠪᠣᠯᠵᠤ ᠂ ᠦᠬᠦᠭᠰᠡᠨ ᠨᠣᠷᠮ᠎ᠠ ᠶᠢᠨ ᠡᠮᠦᠨ᠎ᠡ ᠭᠤᠷᠪᠠ ᠳᠤ ᠵᠢᠭᠰᠠᠭᠠᠭᠳᠠᠭᠰᠠᠨ ᠤᠳᠠᠭᠠᠨ ᠴᠢᠨᠠᠷᠲᠠᠢ ᠡᠪᠡᠳᠴᠢᠨ ᠪᠣᠯ ᠲᠣᠰ ᠲᠣᠰ ᠵᠢᠷᠦᠬᠡᠨ ᠡᠪᠡᠳᠴᠢᠨ ᠂ ᠬᠤᠣᠷᠲᠤ ᠬᠠᠪᠤᠳᠠᠷ ᠪᠠ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠪᠣᠯᠣᠨ᠎ᠠ ᠂ ᠪᠦᠭᠦ ᠤᠯᠤᠰ ᠤᠨ ᠲᠤᠭ᠎ᠠ ᠪᠠᠷᠢᠮᠲᠠ ᠠᠴᠠ ᠦᠵᠡᠪᠡᠯ ᠂ ᠤᠳᠠᠭᠠᠨ ᠴᠢᠨᠠᠷᠲᠠᠢ ᠡᠪᠡᠳᠴᠢᠨ  ᠢᠶᠠᠷ ᠦᠬᠦᠭᠰᠡᠨ ᠨᠣᠷᠮ᠎ᠠ 88%  ᠠᠴᠠ ᠳᠡᠭᠡᠭᠰᠢ ᠪᠣᠯᠵᠠᠢ ᠃ ᠡᠶᠢᠮᠦ ᠠᠴᠠ ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠬᠠᠮᠠᠭᠠᠯᠠᠬᠤ ᠶᠠᠪᠤᠳᠠᠯ ᠪᠠᠴᠢᠮ ᠲᠤᠯᠭᠠᠮ᠎ᠠ ᠱᠠᠭᠠᠷᠳᠠᠭᠳᠠᠵᠤ ᠪᠠᠶᠢᠬᠤ  ᠨᠢ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠪᠠ ᠤᠯᠠᠨ ᠲᠦᠮᠡᠨ ᠤ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠨᠥᠯᠥᠭᠡᠯᠡᠬᠦ ᠴᠢᠬᠤᠯᠠ ᠬᠦᠴᠦᠨ ᠵᠦᠢᠯ ᠪᠣᠯᠵᠤ ᠪᠠᠶᠢᠨ᠎ᠠ᠃  ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᡂᠢ ᠶᠦᠩ ᠵᠦᠩ
3.jpg
 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ