︵ᠲᠦᠷᠪᠡ︶ ᠬᠤᠶᠠᠷ ᠬᠤᠷᠠᠯ ᠳᠤ ᠠᠩᠬᠠᠷᠤᠯ ᠢᠶᠠᠨ ᠬᠠᠨᠳᠤᠭᠤᠯᠤᠶ᠎ᠠ/ ᠠᠷᠠᠳ ᠤᠨ ᠠᠮᠢᠳᠤᠷᠠᠯ ᠳᠤ ᠬᠤᠯᠪᠣᠭᠳᠠᠬᠰᠠᠨ ᠠᠰᠠᠭᠤᠳᠠᠯ ᠤᠨ ᠳᠤᠬᠠᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠡᠳᠬᠢᠯ ᠤᠨ ᠳᠠᠭᠤᠨ
ᠨᠡᠶᠢᠲᠡᠯᠡᠭᠰᠡᠨ ᠴᠠᠭ᠄
2023/2/14
    ᠵᠡᠭᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ  ᠤᠨ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠶᠡᠬᠡᠬᠡᠨ ᠬᠦᠴᠦ ᠣᠷᠣᠭᠤᠯᠤᠨ ᠰᠠᠶᠢᠵᠢᠷᠠᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ ᠃ ᠲᠣᠰ ᠤᠳᠠᠭᠠᠨ ᠤ ᠬᠤᠶᠠᠷ ᠬᠤᠷᠠᠯ ᠳᠤ ᠂ ᠮᠢᠨᠤ ᠳᠤᠷᠠᠳᠤᠭᠰᠠᠨ ᠰᠠᠨᠠᠯ ᠳᠤᠷᠠᠳᠤᠯᠭ᠎ᠠ ᠪᠣᠯ ᠮᠠᠨ ᠤ ᠬᠤᠰᠢᠭᠤᠨ ᠤ ᠬᠤᠭ ᠨᠣᠪᠰᠢ ᠪᠤᠯᠠᠬᠤ ᠲᠠᠯᠠᠪᠠᠶ ᠶᠢ ᠲᠦᠷᠭᠡᠳᠭᠡᠨ ᠲᠥᠯᠥᠪᠵᠢᠭᠦᠯᠦᠨ ᠪᠠᠶᠢᠭᠤᠯᠵᠤ ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠰᠠᠶᠢᠵᠢᠷᠠᠭᠤᠯᠤᠨ ᠥᠭᠡᠷᠡᠴᠢᠯᠡᠬᠦ ᠲᠤᠬᠠᠢ ᠪᠣᠯᠣᠨ᠎ᠠ ᠃ ᠲᠠᠷᠠᠭᠠᠴᠢ ᠶᠢᠨ ᠠᠯᠬᠤᠮ ᠳᠤ ᠂ ᠮᠠᠨ ᠤ ᠭᠤᠣᠯᠳᠠᠯᠭ᠎ᠠ ᠲᠠᠢ ᠠᠵᠢᠯ ᠪᠣᠯ ᠬᠥᠳᠡᠭᠡ ᠲᠣᠰᠬᠤᠨ ᠤ ᠵᠤᠭᠠᠴᠠᠯ ᠂ ᠰᠡᠯᠡᠭᠦᠴᠡᠯ ᠲᠠᠷᠢᠶᠠᠯᠠᠩ ᠢ ᠤᠶᠠᠯᠳᠤᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠨᠠᠭᠰᠢᠳᠠ ᠠᠬᠢᠭᠤᠯᠬᠤ ᠶᠠᠪᠤᠳᠠᠯ ᠪᠣᠯᠣᠨ᠎ᠠ᠃ ᠮᠢᠨᠤ ᠡᠨᠡᠬᠦ ᠰᠠᠨᠠᠯ ᠳᠤᠷᠠᠳᠤᠯᠭ᠎ᠠ ᠪᠣᠯ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠤ ᠰᠠᠭᠤᠷᠢ ᠲᠠᠯᠪᠢᠵᠤ ᠥᠭᠬᠦ ᠶᠢᠨ ᠲᠥᠯᠥᠭᠡ ᠶᠤᠮ᠃  ᠨᠡᠶᠢᠭᠡᠮ ᠤᠨ ᠠᠰᠠᠷᠠᠮᠵᠢ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ  ᠤᠨ ᠡᠳᠡᠭᠡᠳ  ᠤᠨ ᠤᠯᠤᠰ ᠳᠦᠷᠦ  ᠶᠢᠨ ᠵᠦᠪᠯᠡᠯᠭᠡᠨ  ᠤ ᠭᠡᠰᠢᠬᠦᠨ ᠶᠠᠩ ᠹᠧᠢ
4.jpg
     ᠡᠨᠡ ᠵᠢᠯ ᠮᠠᠨ ᠤ ᠨᠡᠶᠢᠭᠡᠮ ᠤᠨ ᠠᠰᠠᠷᠠᠮᠵᠢ ᠪᠠ ᠨᠡᠶᠢᠭᠡᠮ ᠤᠨ ᠪᠠᠲᠤᠯᠠᠭ᠎ᠠ ᠶᠢᠨ ᠡᠲᠡᠭᠡᠳ ᠤᠨ  ᠬᠢᠨ ᠤ ᠳᠤᠷᠠᠳᠤᠭᠰᠠᠨ ᠰᠠᠨᠠᠯ ᠳᠤᠷᠠᠳᠤᠯᠭ᠎ᠠ ᠪᠣᠯ ᠄ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠴᠢᠩᠭᠠᠳᠬᠠᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠬᠦ ᠶᠢ ᠰᠠᠨᠠᠭᠤᠯᠪᠠ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠣᠯ ᠨᠢᠭᠡ ᠵᠦᠢᠯ ᠤᠨ ᠲᠦᠭᠡᠮᠡᠯ ᠬᠠᠷᠠᠭᠠᠯᠵᠠᠯ ᠤᠨ ︽ ᠦᠨᠳᠦᠰᠦᠨ ᠵᠦᠢᠯ ᠢ ᠪᠠᠲᠤᠯᠠᠬᠤ ︾ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠮᠥᠨ ᠂ ᠲᠡᠷᠡ  ᠨᠢ ᠬᠠᠮᠤᠭ ᠡᠴᠦᠰ ᠤᠨ ᠨᠡᠶᠢᠭᠡᠮ ᠤᠨ ᠪᠠᠲᠤᠯᠠᠭ᠎ᠠ ᠶᠢᠨ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠪᠠᠳᠠᠷᠠᠭᠤᠯᠵᠤ ᠂ ᠠᠷᠠᠳ ᠤᠨ ᠠᠮᠢᠳᠤᠷᠠᠯ ᠢ ᠦᠨᠡᠨ ᠬᠦ ᠰᠠᠶᠢᠵᠢᠷᠠᠭᠤᠯᠤᠨ ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠬᠤ ᠳᠤ ᠲᠤᠶᠢᠯ ᠤᠨ ᠴᠢᠬᠤᠯᠠ ᠦᠢᠯᠡᠳᠦᠯ  ᠢ ᠪᠠᠳᠠᠷᠠᠭᠤᠯᠵᠤ ᠪᠠᠶᠢᠳᠠᠭ ᠃    
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ