| | 2 ᠰᠠᠷ᠎ᠡ ᠶᠢᠨ 14 ᠤ ᠡᠳᠦᠷ ᠤᠨ ᠦᠳᠡ ᠶᠢᠨ ᠡᠮᠦᠨ᠎ᠡ ᠂ ᠤᠯᠤᠰ ᠳᠦᠷᠦ ᠶᠢᠨ ᠵᠦᠪᠯᠡᠯᠬᠡᠨ ᠤ ᠵᠡᠬᠦᠨᠭᠠᠷ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ | ᠬᠤᠶᠠᠳᠤᠭᠠᠷ ᠤᠳᠠᠭ᠎ᠠ ᠶᠢᠨ ᠬᠤᠷᠡᠯ ᠦᠪᠡᠳᠡᠭᠰᠢ ᠶᠡᠭᠡ ᠪᠠᠷ ᠡᠬᠢᠯᠡᠪᠡ ᠃ ᠬᠤᠷᠡᠯ ᠳᠡᠬᠡᠷ᠎ᠡ ᠂ ᠬᠤᠤ ᠵᠠᠨ ᠪᠢᠡᠭ ᠂ ᠶᠠᠩ ᠮᠸᠢ ᠯᠢᠶᠠᠨ ᠂ ᠵᠠᠩ ᠸᠠᠨ ᠺᠤᠸᠠᠨ ᠂ ᠸᠠᠩ | ᠵᠤᠤ ᠬᠤᠸᠠ ᠂ ᠼᠦᠢ ᠵᠢᠶᠦ᠋ᠨ ᠵᠡᠷᠬᠡ 5 ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠬᠤ ᠂ ᠳᠠᠷᠢᠶᠠᠯᠠᠩ ᠢ | ᠬᠦᠭᠵᠢᠬᠦᠯᠬᠦ ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ ᠂ ᠠᠮᠢ ᠠᠬᠤᠢ ᠶᠢ ᠰᠡᠷᠬᠦᠬᠡᠬᠦ ᠂ ᠠᠷᠬᠠᠬ ᠡᠪᠡᠳᠴᠢᠨ ᠢ ᠰᠡᠷᠬᠡᠶᠢᠯᠡᠨ ᠵᠠᠰᠠᠬᠤ ᠵᠡᠷᠬᠡ | ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠤᠯᠪᠤᠬᠳᠠᠬᠰᠠᠨ ᠪᠠ ᠤᠯᠠᠨ ᠳᠦᠮᠡᠨ ᠤ ᠨᠡᠶᠢᠳᠡᠮ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠤᠨ ᠳᠤᠭᠤᠷᠢᠨ ᠳᠤ | ᠶᠠᠷᠢᠶ᠎ᠠ ᠲᠠᠯᠪᠢᠪᠠ ᠃ | ᠬᠤᠰᠢᠭᠤᠨ ᠤ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠬᠤᠤ ᠵᠠᠨ ᠪᠢᠡᠭ ᠄ | ᠵᠡᠬᠦᠡᠭᠠᠷ ᠤᠨ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠳᠦᠷᠬᠡᠳᠬᠡᠵᠤ ᠠᠵᠤ ᠠᠬᠤᠢ ᠨᠡᠶᠢᠬᠡᠮ ᠤᠨ ᠴᠢᠨᠡᠷ ᠰᠠᠶᠢᠳᠡᠢ | ᠬᠦᠭᠵᠢᠯᠳᠡ ᠶᠢ ᠪᠡᠶᠡᠯᠡᠬᠦᠯᠦᠨ᠎ᠡ | | | | ★ ᠦᠵᠡᠯᠳᠡ ᠄ ᠠᠵᠤ ᠦᠢᠯᠡᠳᠪᠦᠷᠢ ᠬᠦᠴᠦᠷᠬᠡᠭᠵᠢᠪᠡᠯ ᠨᠡᠶᠢᠬᠡᠮ ᠤᠨ ᠠᠵᠤ ᠠᠬᠤᠢ ᠬᠦᠴᠦᠷᠬᠡᠭᠵᠢᠨᠠ ᠃ 2022 ᠤᠨ ᠳᠤ ᠂ ᠪᠦᠬᠦ ᠬᠤᠰᠢᠭᠤᠨ ᠤ ᠠᠵᠤ | ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠦᠢᠯᠡᠳᠪᠦᠷᠢᠯᠡᠯ ᠤᠨ ᠦᠷᠳᠡᠭ 1600 ᠳ᠋ᠦᠡᠭᠰᠢᠭᠤᠷ ᠳᠦᠬᠦᠷᠢᠭ ᠢ ᠰᠢᠪᠳᠤᠯᠵᠦ ᠂ ᠬᠤᠶᠠᠳᠤᠭᠠᠷ ᠠᠵᠤ | ᠦᠢᠯᠡᠰ ᠤᠨ ᠨᠡᠮᠡᠭᠳᠡᠯ ᠦᠷᠳᠡᠭ 1009.21 ᠳ᠋ᠦᠡᠭᠰᠢᠭᠤᠷ ᠳᠦᠬᠦᠷᠢᠭ ᠲᠤ ᠬᠦᠷᠴᠤ ᠂ ᠪᠦᠬᠦ ᠬᠤᠰᠢᠭᠤᠨ ᠤ GDP ᠶᠢᠨ 77.6% ᠶᠢ ᠡᠵᠡᠯᠡᠪᠡ ᠃ | ᠵᠡᠬᠦᠡᠭᠠᠷ ᠤᠨ ᠠᠵᠤ ᠦᠢᠯᠡᠳᠪᠦᠷᠢ ᠪᠠᠶᠢᠬᠤ ᠦᠬᠡᠢ ᠪᠤᠯ ᠵᠡᠬᠦᠡᠭᠠᠷ ᠤᠨ ᠢᠷᠡᠬᠡᠳᠦᠢ ᠪᠠᠶᠢᠬᠤ ᠦᠬᠡᠢ ᠬᠡᠵᠤ ᠬᠡᠯᠡᠵᠤ ᠪᠤᠯᠤᠨ᠎ᠠ ᠃ ︽ ᠬᠤᠤᠰ ᠨᠡᠬᠦᠷᠡᠰᠦᠳᠦ᠋ᠷᠦᠭᠴᠢ ︾ | ᠶᠢᠨ ᠠᠬᠤᠢ ᠪᠠᠶᠢᠳᠠᠯ ᠳᠤᠤᠷ᠎ᠡ ᠂ ᠵᠡᠬᠦᠡᠭᠠᠷ ᠬᠤᠰᠢᠭᠤᠨ ᠤ ᠠᠵᠤ ᠦᠢᠯᠡᠳᠪᠦᠷᠢ ᠨᠢ ᠬᠡᠯᠪᠡᠷᠢ ᠪᠠᠨ ᠬᠤᠪᠢᠷᠠᠭᠤᠯᠬᠤ ᠦᠬᠡᠢ ᠪᠤᠯ ᠪᠤᠯᠬᠤ ᠦᠬᠡᠢ ᠂ ᠬᠠᠷᠢᠨ ᠡᠷᠬᠡᠪᠰᠢ | ᠬᠤᠪᠢᠷᠠᠭᠤᠯᠬᠤ ᠵᠠᠩᠬᠢᠯᠠᠭ᠎ᠠ ᠶᠢᠨ ᠴᠠᠭ ᠮᠦᠴᠡ ᠳᠡᠭᠡᠨ ᠤᠷᠤᠬᠰᠠᠨ ᠪᠠᠶᠢᠨ᠎ᠠ ᠃ | ᠤᠳᠤ ᠪᠦᠬᠦ ᠬᠤᠰᠢᠭᠤ ᠳᠠᠶᠠᠭᠠᠷ ᠰᠡᠳᠬᠢᠯ ᠢᠶᠠᠨ ᠨᠢᠬᠡᠳᠬᠡᠨ ᠬᠦᠴᠤ ᠪᠠᠨ ᠬᠠᠮᠳᠤᠳᠬᠠᠵᠤ ᠂ ᠦᠪᠡᠷ ᠢ ᠪᠠᠨ ᠬᠦᠨᠳᠦᠳᠬᠡᠨ ᠦᠪᠡᠷ ᠢ ᠪᠠᠨ | ᠬᠦᠴᠦᠷᠭᠡᠭᠵᠢᠬᠦᠯᠵᠤ ᠂ ᠬᠤᠰᠢᠭᠤᠨ ᠤ ᠨᠠᠮ ᠤᠨ ᠬᠤᠷᠢᠶᠡᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠦᠷᠪᠡᠳᠦᠬᠡᠷ ᠤᠳᠠᠭ᠎ᠠ ᠶᠢᠨ ᠪᠦᠬᠦᠳᠠ ᠬᠤᠷᠡᠯ ᠳᠡᠬᠡᠷ᠎ᠡ | ᠲᠤᠷᠠᠳᠴᠤ ᠭᠠᠷᠭᠠᠬᠰᠠᠨ ᠄ ︽ ᠨᠡᠬᠦᠷᠡᠰᠦ ᠂ ᠨᠡᠬᠦᠷᠡᠰᠦ ᠬᠢᠮᠢ ᠶᠢᠨ ᠠᠵᠤ ᠦᠢᠯᠡᠳᠪᠦᠷᠢ ᠵᠡᠷᠬᠡ ᠳᠠᠪᠠᠭᠤᠯᠢᠬ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦᠯᠬᠦ ᠳᠤ ᠠᠩᠬᠠᠷᠤᠯ ᠢᠶᠠᠨ ᠬᠠᠨᠳᠤᠭᠤᠯᠬᠤ ᠪᠠᠷ ᠪᠠᠷᠠᠬᠤ ᠦᠬᠡᠢ ᠂ ᠪᠠᠰᠠ ᠠᠵᠠ ᠳᠤᠬᠢᠶᠡᠯ ᠢ ᠠᠮᠵᠢᠨ ᠰᠢᠨ᠎ᠡ ᠡᠨᠧᠷᠬᠢ ᠶᠢᠨ ᠪᠦᠳᠦᠬᠡᠨ ᠪᠠᠶᠢᠭᠤᠯᠤᠯᠳᠠ ᠶᠢ | ᠶᠡᠬᠡᠪᠡᠷ ᠬᠢᠵᠦ ᠳᠦᠷᠬᠡᠳᠬᠡᠨ ᠠᠬᠢᠭᠤᠯᠬᠤ ᠬᠡᠷᠡᠭᠳᠡᠢ ︔ ᠳᠤᠳᠠᠭᠤᠳᠠᠯ ᠢ ᠨᠦᠬᠦᠪᠦᠷᠢᠯᠡᠨ ᠪᠠᠭᠤᠷᠠᠢ ᠳᠠᠯ᠎ᠠ ᠪᠠᠨ ᠬᠦᠴᠦᠷᠭᠡᠭᠵᠢᠬᠦᠯᠵᠤ ᠂ ᠳᠦᠭᠵᠢᠷᠡᠯ ᠢ | ᠨᠡᠪᠳᠡᠷᠡᠬᠦᠯᠬᠦ ᠪᠠᠷ ᠪᠠᠷᠠᠬᠤ ᠦᠬᠡᠢ ᠂ ᠪᠠᠰᠠ ᠰᠠᠭᠤᠷᠢ ᠶᠢ ᠳᠤᠬᠳᠠᠪᠤᠷᠢᠵᠢᠭᠤᠯᠵᠤ ᠂ ᠦᠷ᠎ᠡ ᠠᠰᠢᠬ ᠢ ᠨᠡᠮᠡᠭᠳᠡᠬᠦᠯᠤᠨ ᠬᠢᠷᠢ ᠳᠦᠪᠰᠢᠨ ᠢᠶᠠᠨ ᠳᠡᠭᠡᠭᠰᠢᠯᠡᠬᠦᠯᠵᠤ ᠂ ᠠᠵᠤ | ᠠᠬᠤᠢ ᠶᠢᠨ ᠦᠷᠬᠦᠯᠵᠢᠯᠡᠨ ᠦᠨᠳᠦᠷ ᠪᠠᠶᠢᠷᠢᠨ ᠳᠠᠬᠢ ᠬᠦᠭᠵᠢᠯᠳᠡ ᠶᠢᠨ ᠴᠡᠪᠡᠷ ᠠᠰᠢᠬ ᠢ ᠪᠦᠬᠦ ᠬᠦᠴᠤᠨ ᠢᠶᠠᠷ ᠪᠠᠳᠠᠷᠠᠭᠤᠯᠬᠤ ᠬᠡᠷᠡᠭᠳᠡᠢ ︾ ᠬᠡᠰᠡᠨ ᠱᠠᠭᠠᠷᠳᠠᠯᠭ᠎ᠠ | ᠶᠤᠰᠤᠭᠠᠷ ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠶᠢ ᠠᠬᠢᠭᠤᠯᠵᠤ ᠂ ᠴᠢᠨᠡᠷ ᠰᠠᠶᠢᠳᠡᠢ ᠬᠦᠭᠵᠢᠯᠳᠡ ᠶᠢ | ᠪᠡᠶᠡᠯᠡᠬᠦᠯᠬᠦ ᠬᠡᠷᠡᠭᠳᠡᠢ ᠪᠠᠶᠢᠨ᠎ᠠ ᠃ | ★ ᠰᠠᠨᠠᠭᠤᠯᠭ᠎ᠠ ᠄ ᠨᠢᠬᠡ ᠳᠤ ᠂ ᠪᠠᠶᠢᠳᠠᠯ ᠢ ᠤᠶᠢᠯᠠᠭᠠᠵᠤ ᠂ ᠬᠦᠴᠦᠯᠡᠬᠦ ᠴᠢᠭᠯᠡᠯ ᠢᠶᠠᠨ ᠤᠨᠤᠪᠴᠢᠳᠡᠢ ᠤᠯᠤᠨ᠎ᠠ ᠃ ᠠᠵᠤ ᠦᠢᠯᠡᠰ ᠤᠨ ᠳᠦᠷᠦᠯ ᠬᠡᠯᠪᠡᠷᠢ ᠂ | ᠬᠦᠷᠢᠶ᠎ᠠ ᠬᠡᠪᠴᠢᠶ᠎ᠡ ᠶᠢᠨ ᠪᠦᠳᠦᠴᠡ ᠂ ᠬᠦᠭᠵᠢᠯᠳᠡ ᠶᠢᠨ ᠳᠡᠰ ᠳᠠᠪᠬᠤᠷᠭ᠎ᠠ ᠂ ᠠᠵᠤ ᠦᠢᠯᠡᠰ ᠤᠨ ᠠᠮᠢ ᠠᠬᠤᠢ ᠂ ᠠᠵᠤ ᠦᠢᠯᠡᠰ ᠤᠨ ᠳᠠᠪᠴᠠᠩ ᠵᠡᠷᠬᠡ ᠤᠯᠠᠨ | ᠳᠠᠯ᠎ᠠ ᠠᠴᠠ ᠭᠠᠷᠳᠡᠵᠤ ᠂ ᠰᠠᠭᠤᠷᠢ ᠳᠠᠪᠠᠭᠤᠯᠢᠬ ᠪᠠ ᠲᠤᠳᠠᠭᠤᠳᠠᠯ ᠳᠠᠯ᠎ᠠ ᠪᠠᠨ ᠬᠦᠨᠵᠡᠬᠡᠢ ᠵᠠᠳᠠᠯᠵᠤ ᠂ ᠪᠤᠭᠤᠮᠳᠠ ᠰᠢᠪᠳᠤᠯᠬᠤ ᠭᠤᠤᠯᠳᠠᠯᠭ᠎ᠠ ᠶᠢᠨ ᠴᠡᠭ ᠢ ᠤᠯᠵᠤ ᠂ | ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠡᠷ ᠰᠠᠶᠢᠳᠡᠢ ᠬᠦᠭᠵᠢᠯᠳᠡ ᠶᠢ ᠳᠦᠷᠬᠡᠳᠬᠡᠨ ᠠᠬᠢᠭᠤᠯᠤᠨ᠎ᠠ ᠃ ᠬᠤᠶᠡᠷ ᠲᠤ ᠂ ᠠᠷᠠᠯᠵᠢᠶᠠᠴᠢᠨ ᠤᠷᠢᠨ ᠪᠡᠯᠡ | ᠤᠷᠤᠭᠤᠯᠬᠤ ᠶᠢ ᠠᠳᠬᠤᠵᠤ ᠂ ᠬᠦᠭᠵᠢᠯᠳᠡ ᠶᠢᠨ ᠬᠦᠳᠡᠯᠬᠡᠬᠦ ᠡᠨᠧᠷᠬᠢ ᠶᠢ ᠲᠦᠪᠯᠡᠷᠡᠬᠦᠯᠦᠨ᠎ᠠ ᠃ ᠠᠷᠡᠯᠵᠢᠶᠠᠴᠢᠨ ᠤᠷᠢᠵᠤ ᠪᠡᠯᠡ ᠤᠷᠤᠭᠤᠯᠬᠤ ᠶᠢ ᠠᠬᠢᠭᠤᠯᠵᠤ ᠂ | ᠴᠢᠳᠠᠪᠤᠷᠢᠳᠡᠨ ᠢ ᠶᠡᠬᠡᠪᠡᠷ ᠤᠷᠢᠨ ᠠᠪᠴᠢᠷᠠᠵᠤ ᠂ ᠵᠠᠬ᠎ᠠ ᠳᠡᠯᠬᠡᠬᠦᠷ ᠤᠨ ᠦᠢᠯᠡᠳᠦᠯ ᠢ ᠬᠦᠢᠴᠡᠳ ᠪᠠᠳᠠᠷᠠᠭᠤᠯᠤᠨ ᠂ ᠪᠦᠬᠦ ᠨᠡᠶᠢᠬᠡᠮ ᠤᠨ ᠡᠬᠢ ᠪᠠᠶᠠᠯᠢᠬ ᠢ | ᠠᠭᠤᠳᠠᠯᠯᠠᠬᠤ ᠪᠠ ᠪᠦᠬᠦ ᠨᠡᠶᠢᠬᠡᠮ ᠤᠨ ᠬᠦᠴᠦᠨ ᠢ ᠰᠠᠶᠢᠳᠤᠷ ᠬᠡᠷᠡᠭᠯᠡᠵᠤ ᠂ ᠪᠦᠬᠦ ᠳᠠᠯ᠎ᠠ ᠪᠠᠷ ᠠᠬᠢᠭᠤᠯᠤᠨ᠎ᠠ ᠃ ᠭᠤᠷᠪᠡ ᠳᠤ ᠰᠠᠭᠤᠷᠢ ᠮᠦᠡᠭᠬᠦ ᠪᠠᠶᠢᠭᠤᠯᠵᠦ ᠂ | ᠨᠡᠶᠢᠬᠡᠮ ᠤᠨ ᠬᠦᠷᠦᠩᠬᠡ ᠶᠢ ᠬᠦᠳᠡᠯᠬᠡᠨ᠎ᠡ ᠃ ᠳᠡᠷᠢᠬᠦᠨ ᠤ ᠬᠦᠭᠵᠢᠭᠰᠡᠨ ᠭᠠᠵᠠᠷ ᠤᠷᠤᠨ ᠢᠶᠠᠷ ᠳᠤᠯᠢ ᠪᠤᠯᠭᠠᠵᠤ ᠂ ᠠᠵᠤ ᠦᠢᠯᠡᠰ ᠤᠨ ᠬᠦᠭᠵᠢᠯᠳᠡ ᠶᠢᠨ ᠰᠠᠭᠤᠷᠢ | ᠮᠦᠡᠭᠬᠦ ᠪᠠᠶᠢᠭᠤᠯᠵᠤ ᠂ ᠳᠤᠰᠬᠠᠢ ᠪᠠᠶᠢᠭᠤᠯᠤᠮᠵᠢ ᠶᠢᠨ ᠡᠵᠡᠩᠨᠡᠯᠳᠡ ᠶᠢ ᠤᠷᠤᠭᠤᠯᠤᠨ ᠠᠪᠴᠢᠷᠡᠵᠤ ᠂ ᠨᠡᠩ ᠤᠯᠠᠨ ᠨᠡᠶᠢᠬᠡᠮ ᠤᠨ ᠬᠦᠷᠦᠩᠬᠡ ᠶᠢ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠬᠤ ᠳᠡᠶᠢᠰᠢ ᠤᠷᠤᠭᠤᠯᠬᠤ ᠶᠢ ᠳᠠᠶᠢᠴᠢᠯᠡᠵᠤ ᠂ ᠠᠵᠤ ᠠᠬᠤᠢ ᠨᠡᠶᠢᠬᠡᠮ ᠤᠨ ᠴᠢᠨᠡᠷ ᠰᠠᠶᠢᠳᠡᠢ ᠬᠦᠭᠵᠢᠯᠳᠡ ᠶᠢ ᠪᠡᠶᠡᠯᠡᠬᠦᠯᠦᠨ᠎ᠡ ᠃ | ᠳᠦᠷᠪᠡ ᠳᠤ ᠂ ᠦᠢᠯᠡᠴᠢᠯᠡᠭᠡ ᠶᠢ ᠰᠢᠯᠢᠳᠡᠭᠵᠢᠬᠦᠯᠵᠤ ᠂ ᠬᠦᠴᠦᠨ ᠵᠦᠢᠯ ᠤᠨ ᠬᠢᠵᠠᠭᠠᠷᠯᠡᠯ ᠢ ᠲᠠᠶᠢᠯᠤᠨ᠎ᠠ ᠃ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ | ᠰᠢᠯᠢᠳᠡᠭᠵᠢᠬᠦᠯᠬᠦ ᠪᠠᠷ ᠂ ᠠᠵᠤ ᠠᠬᠤᠢ ᠶᠢᠨ ᠴᠢᠨᠡᠷ ᠰᠠᠶᠢᠳᠡᠢ ᠬᠦᠭᠵᠢᠯᠳᠡ ᠶᠢ ᠠᠬᠢᠭᠤᠯᠬᠤ ᠴᠢᠬᠤᠯᠠ ᠳᠤᠯᠭᠠᠭᠤᠷᠢᠯᠡᠯ ᠪᠤᠯᠭᠠᠬᠤ ᠶᠢ ᠪᠠᠷᠢᠮᠳᠡᠯᠡᠵᠤ ᠂ ᠦᠨᠡᠨ ᠰᠡᠳᠬᠢᠯ | ᠠᠴᠠ ᠪᠠᠨ ᠦᠢᠯᠡᠴᠢᠯᠡᠵᠤ ᠂ ︽ ᠳᠠᠭᠤᠳᠠᠪᠠᠯ ᠬᠠᠷᠢᠭᠤ ᠦᠭᠴᠤ ᠂ ᠤᠴᠢᠷ ᠦᠬᠡᠢ ᠪᠤᠯ ᠬᠠᠷᠰᠢᠯᠠᠬᠤ ᠦᠬᠡᠢ ︾ ᠪᠠᠶᠢᠬᠤ ᠶᠢ ᠪᠡᠶᠡᠯᠡᠬᠦᠯᠦᠨ᠎ᠠ ︔ ᠤᠯᠠᠨ ᠤ ᠤᠬᠠᠭᠠᠨ | ᠬᠠᠮᠳᠤ ᠶᠢᠨ ᠬᠦᠴᠤᠨ ᠳᠤ ᠳᠦᠰᠢᠭᠯᠡᠨ ᠂ ᠤᠷᠤᠰᠢᠵᠤ ᠪᠠᠶᠢᠭ᠎ᠠ ᠠᠰᠠᠭᠤᠳᠠᠯ ᠢ ᠴᠠᠬ ᠳᠤᠬᠠᠢ ᠳᠤ ᠨᠢ ᠰᠢᠢᠳᠪᠤᠷᠢᠯᠡᠨ᠎ᠠ ︔ ᠦᠢᠯᠡᠴᠢᠯᠡᠭᠡ ᠶᠢ ᠰᠠᠶᠢᠳᠤᠷ ᠬᠢᠵᠦ ᠂ ᠠᠮᠢ | ᠨᠠᠰᠤᠨ ᠤ ᠦᠶᠡᠯᠡᠯ ᠤᠨ ᠦᠢᠯᠡᠴᠢᠯᠡᠭᠡ ᠶᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠤᠨ᠎ᠠ ᠃ ᠠᠵᠤ ᠠᠬᠤᠶᠢᠯᠡᠯᠳᠡᠨ ᠢ ᠦᠨᠡᠨᠬᠦ ᠵᠤᠭᠤᠰ ᠬᠤᠨᠵᠢᠭᠤᠯᠵᠦ ᠂ ᠠᠵᠤ | ᠠᠬᠤᠶᠢᠯᠡᠯᠳᠠᠡ ᠢ ᠰᠠᠨᠠᠭ᠎ᠠ ᠠᠮᠤᠷ ᠪᠠᠶᠢᠯᠭᠠᠵᠤ ᠂ ᠠᠵᠤ ᠠᠬᠤᠶᠢᠯᠡᠯᠳᠡᠠ ᠳᠤ ᠬᠦᠨᠳᠦᠳᠦ ᠵᠤᠴᠢᠨ ᠠᠳᠠᠯᠢ ᠬᠠᠨᠳᠤᠵᠤ ᠂ ᠠᠵᠤ ᠠᠬᠤᠶᠢᠯᠡᠯᠳᠠᠡ ᠢ ᠬᠡᠷ ᠤᠨ | ᠬᠦᠮᠤᠨ ᠲᠠᠢ ᠪᠠᠨ ᠠᠳᠠᠯᠢ ᠦᠵᠡᠨ᠎ᠡ ᠃ | |