| 2 ᠰᠠᠷ᠎ᠡ ᠶᠢᠨ 14 ᠤ ᠡᠳᠦᠷ ᠤᠨ ᠦᠳᠡ ᠶᠢᠨ ᠡᠮᠦᠨ᠎ᠡ ᠂ ᠤᠯᠤᠰ ᠳᠦᠷᠦ ᠶᠢᠨ ᠵᠦᠪᠯᠡᠯᠬᠡᠨ ᠤ ᠵᠡᠬᠦᠨᠭᠠᠷ ᠬᠤᠰᠢᠭᠤᠨ ᠤ ᠠᠷᠪᠠᠨ ᠳᠠᠪᠤᠳᠤᠭᠠᠷ | ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠬᠤᠷᠡᠯ ᠦᠪᠡᠳᠡᠭᠰᠢ ᠶᠡᠭᠡ ᠪᠠᠷ ᠡᠬᠢᠯᠡᠪᠡ ᠃ ᠬᠤᠷᠡᠯ ᠳᠡᠬᠡᠷ᠎ᠡ ᠂ ᠬᠤᠤ ᠵᠠᠨ ᠪᠢᠡᠭ ᠂ ᠶᠠᠩ ᠮᠸᠢ ᠯᠢᠶᠠᠨ ᠂ ᠵᠠᠩ ᠸᠠᠨ | ᠺᠤᠸᠠᠨ ᠂ ᠸᠠᠩ ᠵᠤᠤ ᠬᠤᠸᠠ ᠂ ᠼᠦᠢ ᠵᠢᠶᠦ᠋ᠨ ᠵᠡᠷᠬᠡ 5 ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠬᠤ ᠂ | ᠳᠠᠷᠢᠶᠠᠯᠠᠩ ᠢ ᠬᠦᠭᠵᠢᠬᠦᠯᠬᠦ ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ ᠂ ᠠᠮᠢ ᠠᠬᠤᠢ ᠶᠢ ᠰᠡᠷᠬᠦᠬᠡᠬᠦ ᠂ ᠠᠷᠬᠠᠬ ᠡᠪᠡᠳᠴᠢᠨ ᠢ ᠰᠡᠷᠬᠡᠶᠢᠯᠡᠨ | ᠵᠠᠰᠠᠬᠤ ᠵᠡᠷᠬᠡ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠤᠯᠪᠤᠬᠳᠠᠬᠰᠠᠨ ᠪᠠ ᠤᠯᠠᠨ ᠳᠦᠮᠡᠨ ᠤ ᠨᠡᠶᠢᠳᠡᠮ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠤᠨ | ᠳᠤᠭᠤᠷᠢᠨ ᠳᠤ ᠶᠠᠷᠢᠶ᠎ᠠ ᠲᠠᠯᠪᠢᠪᠠ ᠃ | ᠬᠤᠰᠢᠭᠤᠨ ᠤ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠵᠠᠩ ᠸᠠᠨ ᠺᠤᠸᠠᠨ ᠄ | ᠳᠠᠷᠢᠶᠠᠯᠠᠩ ᠤᠨ ᠨᠡᠷᠡᠳᠤ ᠳᠡᠮᠳᠡᠭᠳᠦ ᠶᠢᠨ ᠪᠦᠳᠦᠬᠡᠨ ᠪᠠᠶᠢᠭᠤᠯᠤᠯᠳᠠ ᠶᠢ ᠶᠡᠬᠡᠪᠡᠷ ᠠᠬᠢᠭᠤᠯᠵᠤ ᠳᠠᠷᠢᠶᠠᠯᠠᠩ ᠮᠠᠯ ᠠᠵᠤ ᠠᠬᠤᠢ ᠶᠢᠨ ᠴᠢᠨᠡᠷ ᠰᠠᠶᠢᠳᠡᠢ ᠬᠦᠭᠵᠢᠯᠳᠡ ᠶᠢ | ᠬᠦᠳᠦᠯᠦᠨ ᠳᠠᠭᠠᠭᠤᠯᠤᠨ᠎ᠠ | | | | | | ★ ᠦᠵᠡᠯᠳᠡ ᠄ 2022 ᠤᠨ ᠤ ᠳᠦᠪ ᠤᠨ ᠨᠢᠬᠡᠳᠦᠬᠡᠷ ᠨᠤᠮᠧᠷᠲᠤ ᠪᠢᠴᠢᠭ ᠮᠠᠲ᠋ᠧᠷᠢᠶᠠᠯ ᠳᠤ ᠳᠤᠷᠠᠳᠤᠬᠰᠠᠨ ᠢᠶᠠᠷ ᠂ ᠠᠵᠤ ᠦᠢᠯᠡᠰ ᠢᠶᠠᠷ ᠬᠦᠳᠡᠭᠡ ᠳᠤᠰᠬᠤᠨ ᠤ | ᠬᠦᠭᠵᠢᠯᠳᠡ ᠶᠢ ᠠᠬᠢᠭᠤᠯᠬᠤ ᠳᠤ ᠠᠩᠬᠠᠷᠤᠯ ᠢᠶᠠᠨ ᠳᠦᠪᠯᠡᠷᠡᠬᠦᠯᠵᠤ ᠂ ᠳᠠᠷᠢᠶᠠᠯᠠᠩ ᠤᠨ ᠶᠠᠰᠤ ᠴᠢᠨᠡᠷ ᠢ ᠲᠡᠭᠡᠭᠰᠢᠯᠡᠬᠦᠯᠦᠨ ᠂ ᠨᠡᠷᠡᠳᠤ ᠲᠡᠮᠳᠡᠭᠳᠤ ᠶᠢ ᠡᠬᠦᠳᠬᠦ ᠵᠡᠷᠬᠡ | ᠠᠵᠢᠯᠯᠠᠭ᠎ᠠ ᠶᠢ ᠦᠷᠨᠢᠬᠦᠯᠦᠨ᠎ᠡ ᠬᠡᠵᠡᠢ ᠃ ᠲᠠᠷᠢᠶᠠᠯᠠᠩ ᠬᠦᠳᠡᠭᠡ ᠳᠤᠰᠬᠤᠨ ᠤ ᠶᠠᠮᠤᠨ ᠤ ᠠᠯᠪᠠᠨ ᠳᠢᠩᠬᠢᠮ ︽ ᠲᠠᠷᠢᠶᠠᠯᠠᠩ ᠤᠨ ᠨᠡᠷᠡᠳᠤ ᠲᠡᠮᠳᠡᠭᠳᠤ ᠶᠢᠨ ᠰᠤᠳᠤᠨ | ᠪᠦᠳᠦᠬᠡᠯ ᠢ ᠪᠤᠶᠢᠵᠢᠭᠤᠯᠬᠤ ᠳᠦᠯᠦᠪᠯᠡᠭᠡ ︵ 2022 — 2025 ︶ ︾ ᠶᠢ ᠳᠠᠷᠤᠮᠠᠯᠯᠠᠨ ᠳᠠᠷᠬᠠᠭᠠᠵᠤ ᠂ ᠨᠡᠷᠡᠳᠤ ᠲᠡᠮᠳᠡᠭᠳᠤ ᠶᠢᠨ ᠭᠤᠤᠯᠯᠠᠬᠤ ᠦᠷᠢᠰᠦᠯᠳᠦᠬᠦ | ᠬᠦᠴᠦᠨ ᠢ ᠳᠡᠭᠡᠭᠰᠢᠯᠡᠬᠦᠯᠬᠦ ᠪᠠᠷ ᠬᠠᠷᠠᠯᠳᠠ ᠪᠠᠨ ᠪᠤᠯᠭᠠᠵᠤ ᠂ ᠰᠠᠭᠤᠷᠢ ᠳᠤᠯᠭᠠᠭᠤᠷᠢᠯᠡᠯ ᠢ ᠪᠠᠬᠢᠵᠢᠬᠦᠯᠵᠤ ᠂ ᠦᠢᠯᠡᠴᠢᠯᠡᠬᠡᠨ ᠤ ᠴᠢᠳᠠᠪᠤᠷᠢ ᠶᠢ ᠲᠡᠭᠡᠭᠰᠢᠯᠡᠬᠦᠯᠦᠨ᠎ᠠ | ᠬᠡᠪᠡ ᠃ ᠵᠡᠬᠦᠡᠭᠠᠷ ᠬᠤᠰᠢᠭᠤᠨ ᠤ ᠭᠠᠵᠠᠷ ᠵᠦᠢ ᠶᠢᠨ ᠪᠠᠶᠢᠷᠢᠰᠢᠯ ᠨᠢ ᠳᠠᠪᠠᠭᠤᠯᠢᠬ ᠂ ᠳᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠬ ᠰᠢᠮ᠎ᠡ ᠶᠢᠨ ᠲᠦᠷᠦᠯ ᠵᠦᠢᠯ | ᠤᠯᠠᠨ ᠂ ᠴᠢᠨᠠᠷ ᠰᠠᠶᠢᠳᠡᠢ ᠪᠠᠶᠢᠵᠦ ᠂ ᠰᠡᠷᠬᠡ ᠂ ᠬᠤᠵᠢᠷᠯᠢᠬ ᠭᠠᠵᠠᠷ ᠤᠨ ᠳᠤᠳᠤᠷᠭ᠎ᠠ ᠂ ᠡᠯᠳᠡᠪ ᠠᠮᠤ ᠂ ᠤᠢ ᠰᠢᠭᠤᠢ ᠵᠢᠮᠢᠰ ᠵᠡᠷᠭᠡ ᠤᠨᠴᠠᠯᠢᠬᠳᠤ ᠪᠦᠳᠦᠭᠡᠭᠳᠡᠬᠦᠨ ᠢ | ᠨᠢᠬᠡᠨᠳᠡ ᠪᠦᠷᠢᠯᠳᠦᠬᠦᠯᠦᠭᠰᠡᠨ ᠪᠤᠯᠪᠠᠴᠤ ᠶᠡᠷᠦᠩᠬᠡᠢ ᠴᠤᠬᠴᠠ ᠠᠴᠠ ᠨᠢ ᠠᠪᠴᠤ ᠦᠵᠡᠪᠡᠯ ᠂ ᠳᠠᠷᠢᠶᠠᠯᠠᠩ ᠤᠨ ᠨᠡᠷᠡᠳᠤ ᠲᠡᠮᠳᠡᠭᠳᠤ ᠶᠢᠨ ᠨᠦᠯᠦᠬᠡᠯᠡᠬᠦ ᠬᠦᠴᠦᠨ | ᠬᠦᠷᠦᠯᠴᠡᠬᠦ ᠦᠬᠡᠢ ᠂ ᠬᠡᠪᠴᠢᠶ᠎ᠡ ᠨᠢ ᠪᠠᠭ᠎ᠠ ᠂ ᠦᠪᠡᠷ ᠤᠨ ᠦᠷᠳᠡᠭ ᠦᠨᠳᠦᠷ ᠂ ᠪᠠᠷᠢᠮᠵᠢᠶᠠᠵᠢᠬᠰᠠᠨ ᠬᠡᠮᠵᠢᠶ᠎ᠡ ᠳᠤᠤᠷ᠎ᠡ ᠂ ᠪᠦᠳᠦᠭᠡᠭᠳᠡᠬᠦᠨ ᠤ ᠴᠢᠨᠡᠷ ᠳᠡᠰ | ᠳᠤᠬᠳᠠᠪᠤᠷᠢᠳᠡᠢ ᠪᠤᠰᠤ ᠂ ᠠᠵᠤ ᠦᠢᠯᠡᠰ ᠤᠨ ᠬᠡᠯᠬᠢᠶ᠎ᠡ ᠳᠡᠬᠦᠯᠳᠡᠷ ᠪᠤᠰᠤ ᠂ ᠨᠡᠷᠡᠳᠤ ᠳᠡᠮᠳᠡᠭᠳᠦ ᠶᠢᠨ ᠤᠬᠠᠮᠰᠠᠷ ᠪᠠᠭᠤᠷᠡᠢ ᠂ ᠳᠦᠷᠦ ᠶᠢᠨ ᠪᠤᠳᠤᠯᠭ᠎ᠠ ᠶᠢᠨ | ᠳᠡᠮᠵᠢᠯᠬᠡ ᠶᠢᠨ ᠬᠦᠴᠦᠯᠡᠴᠡ ᠬᠦᠷᠦᠯᠴᠡᠬᠦ ᠦᠬᠡᠢ ᠵᠡᠷᠬᠡ ᠠᠰᠠᠭᠤᠳᠠᠯ ᠤᠷᠤᠰᠢᠵᠤ ᠂ ᠳᠠᠷᠢᠶᠠᠯᠠᠩ ᠤᠨ ᠨᠡᠷᠡᠳᠤ ᠳᠡᠮᠳᠡᠭᠳᠦ ᠶᠢᠨ ᠪᠦᠳᠦᠬᠡᠨ ᠪᠠᠶᠢᠭᠤᠯᠤᠯᠳᠠ ᠶᠢ | ᠶᠡᠬᠡᠪᠡᠷ ᠠᠬᠢᠭᠤᠯᠬᠤ ᠴᠢᠬᠤᠯᠠ ᠲᠠᠢ ᠪᠠᠶᠢᠨ᠎ᠠ ᠃ | ★ ᠰᠠᠨᠠᠭᠤᠯᠭ᠎ᠠ ᠄ ᠨᠡᠷᠡᠳᠦ ᠳᠡᠮᠳᠡᠭᠳᠦ ᠶᠢᠨ ᠪᠦᠳᠦᠬᠡᠭᠳᠡᠬᠦᠨ ᠤ ᠶᠠᠰᠤ ᠴᠢᠨᠡᠷ ᠢ ᠳᠡᠭᠡᠭᠰᠢᠯᠡᠬᠦᠯᠵᠤ ᠂ ᠦᠬᠡᠷ ᠂ ᠬᠤᠨᠢ ᠂ ᠳᠤᠳᠤᠷᠭ᠎ᠠ ᠂ ᠵᠢᠮᠢᠰ ᠂ ᠢᠳᠡᠰᠢᠨ ᠨᠤᠭᠤᠭ᠎ᠠ | ᠵᠡᠷᠬᠡ ᠰᠢᠯᠢᠳᠡᠭ ᠰᠢᠨ᠎ᠡ ᠡᠬᠦᠯᠳᠡᠷ ᠪᠠ ᠦᠷ᠎ᠠ ᠬᠦᠷᠦᠩᠬᠡ ᠶᠢ ᠤᠷᠤᠭᠤᠯᠤᠨ ᠰᠤᠩᠭᠤᠨ ᠪᠤᠶᠢᠵᠢᠭᠤᠯᠬᠤ ᠶᠢ ᠲᠡᠮᠵᠢᠨ ᠵᠤᠷᠢᠭᠵᠢᠭᠤᠯᠤᠨ᠎ᠠ ︔ ᠠᠵᠤ ᠠᠬᠤᠶᠢᠯᠡᠯ ᠤᠨ | ᠪᠡᠯᠡ ᠮᠦᠡᠭᠬᠦ ᠤᠷᠤᠭᠤᠯᠵᠤ ᠦᠢᠯᠡᠳᠬᠦᠨ ᠤ ᠰᠢᠨ᠎ᠡ ᠶᠢ ᠡᠬᠦᠳᠬᠦ ᠴᠢᠳᠠᠪᠤᠷᠢ ᠪᠠᠨ ᠳᠡᠭᠡᠭᠰᠢᠯᠡᠬᠦᠯᠬᠦ ᠶᠢ ᠵᠤᠷᠢᠬᠵᠢᠭᠤᠯᠤᠨ᠎ᠡ ︔ ᠳᠠᠷᠢᠶᠠᠯᠠᠩ ᠤᠨ ᠪᠦᠳᠦᠭᠡᠭᠳᠡᠬᠦᠨ | ᠮᠠᠯ ᠤᠨ ᠠᠰᠢᠬ ᠰᠢᠮ᠎ᠡ ᠶᠢᠨ ᠪᠦᠬᠦ ᠶᠠᠪᠤᠴᠠ ᠶᠢᠨ ᠶᠠᠰᠤ ᠴᠢᠨᠡᠷ ᠢ ᠡᠵᠡᠮᠳᠡᠬᠦ ᠶᠢ ᠬᠡᠷᠡᠭᠵᠢᠬᠦᠯᠵᠤ ᠂ ᠪᠦᠳᠦᠭᠡᠭᠳᠡᠬᠦᠨ ᠤ ᠡᠰᠢ ᠡᠬᠦᠰᠦᠯ ᠢ ᠮᠦᠷᠳᠡᠬᠦ ᠶᠢ | ᠴᠢᠩᠭᠠᠳᠬᠠᠨ᠎ᠠ ᠃ ᠨᠡᠷᠡᠳᠦ ᠳᠡᠮᠳᠡᠭᠳᠦ ᠶᠢ ᠲᠦᠬᠡᠮᠡᠯᠵᠢᠬᠦᠯᠦᠨ ᠳᠡᠯᠬᠡᠷᠡᠬᠦᠯᠬᠦ ᠶᠢ ᠵᠤᠷᠢᠬᠵᠢᠭᠤᠯᠵᠤ ᠂ ᠨᠡᠷᠡᠳᠦ ᠳᠡᠮᠳᠡᠭᠳᠦ ᠶᠢᠨ ᠡᠯᠧᠺᠲᠷᠤᠨ ᠬᠤᠳᠠᠯᠳᠤᠭ᠎ᠠ ᠶᠢ ᠶᠡᠬᠡᠪᠡᠷ | ᠳᠡᠮᠵᠢᠵᠤ ᠂ ᠨᠡᠷᠡᠳᠦ ᠳᠡᠮᠳᠡᠭᠳᠦ ᠶᠢᠨ ᠬᠠᠨᠭ᠍ᠭᠠᠯᠭ᠎ᠠ ᠶᠢᠨ ᠬᠡᠯᠬᠢᠶᠡᠵᠢᠯ ᠢ ᠢᠳᠡᠪᠬᠢᠳᠡᠢ ᠪᠤᠶᠢᠵᠢᠭᠤᠯᠤᠨ᠎ᠠ ᠃ ᠬᠦᠮᠦᠷᠬᠡᠯᠡᠨ ᠬᠠᠳᠠᠭᠠᠯᠠᠬᠤ ᠂ ᠬᠦᠢᠳᠡᠨ ᠬᠦᠮᠦᠷᠬᠡ ᠵᠡᠷᠬᠡ | ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ ᠂ ᠨᠡᠷᠡᠳᠤ ᠳᠡᠮᠳᠡᠭᠳᠦ ᠳᠠᠷᠢᠶᠠᠯᠠᠩ ᠤᠨ ᠪᠦᠳᠦᠭᠡᠭᠳᠡᠬᠦᠨ ᠤ ᠬᠦᠢᠯᠬᠡᠬᠡᠨ ᠤ | ᠬᠠᠨᠭ᠍ᠭᠠᠯᠭ᠎ᠠ ᠶᠢᠨ ᠴᠢᠳᠠᠪᠤᠷᠢ ᠶᠢ ᠪᠦᠬᠦ ᠳᠠᠯ᠎ᠠ ᠪᠠᠷ ᠳᠡᠭᠡᠭᠰᠢᠯᠡᠬᠦᠯᠵᠤ ᠂ ᠴᠢᠨᠡᠷ ᠰᠠᠶᠢᠳᠡᠢ ᠨᠡᠷᠡᠳᠦ ᠳᠡᠮᠳᠡᠭᠳᠦ ᠶᠢᠨ ᠦᠢᠯᠡᠳᠦᠯ ᠢ ᠪᠠᠳᠠᠷᠠᠭᠤᠯᠵᠤ ᠂ ︽ ᠵᠡᠬᠦᠡᠭᠠᠷ ᠤᠨ | ᠰᠡᠷᠬᠡ ︾ ᠵᠡᠷᠬᠡ ᠭᠠᠵᠠᠷ ᠵᠦᠢ ᠶᠢᠨ ᠢᠯᠡᠷᠬᠡᠶᠢᠯᠡᠯᠳᠡ ᠶᠢᠨ ᠳᠡᠮᠳᠡᠭ ᠪᠦᠬᠦᠢ ᠳᠠᠸᠠᠷ ᠤᠨ ᠳᠡᠮᠳᠡᠭ ᠤᠨ ᠦᠢᠯᠡᠳᠦᠯ ᠢ ᠬᠦᠢᠴᠡᠳ ᠪᠠᠳᠠᠷᠠᠭᠤᠯᠵᠤ ᠂ ︽ ᠮᠠᠩᠬᠠᠨ | ᠠᠶᠠᠯᠭᠤ ᠶᠢᠨ ᠵᠡᠬᠦᠨᠭᠠᠷ ︾ ᠵᠡᠷᠭᠡ ᠤᠷᠤᠨ ᠪᠦᠰᠡ ᠶᠢᠨ ᠤᠯᠠᠨ ᠨᠡᠶᠢᠳᠡ ᠶᠢᠨ ᠬᠡᠷᠡᠭᠯᠡᠬᠡᠨ ᠤ ᠨᠡᠷᠡᠳᠤ ᠳᠡᠮᠳᠡᠭᠳᠦ ᠶᠢ ᠢᠳᠡᠪᠬᠢᠳᠡᠢ ᠪᠤᠶᠢᠵᠢᠭᠤᠯᠤᠨ᠎ᠠ ᠃ | |