| | | 2 ᠰᠠᠷ᠎ᠡ ᠶᠢᠨ 14 ᠤ ᠡᠳᠦᠷ ᠤᠨ ᠦᠳᠡ ᠶᠢᠨ ᠡᠮᠦᠨ᠎ᠡ ᠂ ᠤᠯᠤᠰ ᠳᠦᠷᠦ ᠶᠢᠨ ᠵᠦᠪᠯᠡᠯᠬᠡᠨ ᠤ ᠵᠡᠬᠦᠨᠭᠠᠷ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ | ᠬᠤᠶᠠᠳᠤᠭᠠᠷ ᠤᠳᠠᠭ᠎ᠠ ᠶᠢᠨ ᠬᠤᠷᠡᠯ ᠦᠪᠡᠳᠡᠭᠰᠢ ᠶᠡᠭᠡ ᠪᠠᠷ ᠡᠬᠢᠯᠡᠪᠡ ᠃ ᠬᠤᠷᠡᠯ ᠳᠡᠬᠡᠷ᠎ᠡ ᠂ ᠬᠤᠤ ᠵᠠᠨ ᠪᠢᠡᠭ ᠂ ᠶᠠᠩ ᠮᠸᠢ ᠯᠢᠶᠠᠨ ᠂ ᠵᠠᠩ ᠸᠠᠨ ᠺᠤᠸᠠᠨ ᠂ ᠸᠠᠩ | ᠵᠤᠤ ᠬᠤᠸᠠ ᠂ ᠼᠦᠢ ᠵᠢᠶᠦ᠋ᠨ ᠵᠡᠷᠬᠡ 5 ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠬᠤ ᠂ ᠳᠠᠷᠢᠶᠠᠯᠠᠩ ᠢ | ᠬᠦᠭᠵᠢᠬᠦᠯᠬᠦ ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ ᠂ ᠠᠮᠢ ᠠᠬᠤᠢ ᠶᠢ ᠰᠡᠷᠬᠦᠬᠡᠬᠦ ᠂ ᠠᠷᠬᠠᠬ ᠡᠪᠡᠳᠴᠢᠨ ᠢ ᠰᠡᠷᠬᠡᠶᠢᠯᠡᠨ ᠵᠠᠰᠠᠬᠤ ᠵᠡᠷᠬᠡ | ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠤᠯᠪᠤᠬᠳᠠᠬᠰᠠᠨ ᠪᠠ ᠤᠯᠠᠨ ᠳᠦᠮᠡᠨ ᠤ ᠨᠡᠶᠢᠳᠡᠮ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠤᠨ ᠳᠤᠭᠤᠷᠢᠨ ᠳᠤ | ᠶᠠᠷᠢᠶ᠎ᠠ ᠲᠠᠯᠪᠢᠪᠠ ᠃ | ᠬᠤᠰᠢᠭᠤᠨ ᠤ ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠶᠠᠩ ᠮᠸᠢ ᠯᠢᠶᠡᠨ ᠄ | ᠳᠡᠷᠢᠬᠦᠨ ᠤ ᠬᠤᠳᠠᠯᠳᠤᠭ᠎ᠠ ᠡᠷᠬᠢᠯᠡᠬᠦ ᠤᠷᠴᠢᠨ ᠠᠬᠤᠢ ᠪᠠᠷ ᠵᠡᠬᠦᠨᠭᠠᠷ ᠤᠨ ᠠᠵᠤ ᠠᠬᠤᠢ ᠨᠡᠶᠢᠬᠡᠮ ᠤᠨ ᠴᠢᠨᠡᠷ ᠰᠠᠶᠢᠳᠡᠢ ᠬᠦᠭᠵᠢᠯᠳᠡ ᠶᠢ ᠯᠠᠪᠳᠠᠭᠤᠨ | ᠠᠬᠢᠭᠤᠯᠤᠨ᠎ᠡ | | | | ★ ᠦᠵᠡᠯᠳᠡ ᠄ ᠡᠨᠡ ᠵᠢᠯ ᠤᠨ ᠴᠠᠭᠠᠨ ᠰᠠᠷ᠎ᠡ ᠶᠢᠨ ᠠᠮᠠᠷᠠᠯᠳᠠ ᠶᠢᠨ ᠲᠠᠷᠠᠭ᠎ᠠ ᠂ ᠦᠪᠡᠷᠳᠡᠬᠡᠨ ᠵᠠᠰᠠᠬᠤ ᠤᠷᠤᠨ ᠂ ᠬᠤᠳᠠ ᠶᠢᠨ ᠵᠠᠰᠠᠬ ᠤᠨ ᠤᠷᠳᠤᠨ ᠤᠷᠢᠳ | ᠬᠤᠵᠢᠳ ︽ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ ︾ ᠶᠡᠭᠡ ᠬᠤᠷᠡᠯ ᠢ ᠵᠠᠯᠭᠠᠭᠠᠪᠡᠷ ᠬᠤᠷᠠᠯᠳᠤᠭᠤᠯᠪᠠ ᠃ ᠡᠨᠡ ᠨᠢ ᠨᠢᠬᠡᠨᠳᠡ ᠳᠦᠷᠪᠡᠨ | ᠵᠢᠯ ᠳᠠᠷᠠᠭᠠᠯᠠᠨ ᠴᠠᠭᠠᠨ ᠰᠠᠷ᠎ᠡ ᠶᠢᠨ ᠠᠮᠠᠷᠠᠯᠳᠠ ᠶᠢᠨ ᠲᠠᠷᠠᠭ᠎ᠠ ᠬᠤᠷᠠᠯᠳᠤᠬᠰᠠᠨ ᠠᠩᠬᠠᠨ ᠤ ︽ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ ︾ | ᠪᠠᠷ ᠭᠤᠤᠯ ᠰᠡᠳᠦᠪ ᠢᠶᠠᠨ ᠪᠤᠯᠭᠠᠬᠰᠠᠨ ᠬᠤᠷᠡᠯ ᠪᠤᠯᠤᠨ᠎ᠠ ᠃ 2022 ᠤᠨ ᠤ ᠰᠡᠬᠦᠯᠴᠢ ᠪᠠᠷ ᠂ ᠮᠠᠨ ᠤ ᠬᠤᠰᠢᠭᠤ ᠤᠷᠳᠤᠰ ᠬᠤᠳᠠ ᠶᠢᠨ ᠬᠤᠰᠢᠭᠤ | ᠳᠤᠭᠤᠷᠢᠭ ᠤᠨ ᠳᠦᠯᠦᠭᠡᠯᠡᠭᠴᠢ ᠶᠢᠨ ᠬᠤᠪᠢ ᠪᠠᠷ ᠦᠪᠡᠷᠳᠡᠬᠡᠨ ᠵᠠᠰᠠᠬᠤ ᠤᠷᠤᠨ ᠤ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢᠨ ᠦᠨᠡᠯᠡᠯᠳᠡ ᠳᠤ ᠤᠷᠤᠯᠴᠠᠵᠤ ᠂ | ᠦᠪᠡᠷᠳᠡᠬᠡᠨ ᠵᠠᠰᠠᠬᠤ ᠤᠷᠤᠨ ᠳᠤ ᠪᠠᠨ ᠳᠡᠷᠢᠬᠦᠯᠡᠭᠰᠡᠨ ᠪᠠᠶᠢᠨ᠎ᠠ ᠃ ᠬᠡᠪᠡᠴᠤ ᠪᠢᠳᠡ ︽ ᠳᠡᠷᠢᠬᠦᠨ ᠵᠡᠷᠬᠡ ᠶᠢᠨ ︾ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ | ᠡᠬᠦᠳᠦᠨ ᠪᠠᠶᠢᠭᠤᠯᠬᠤ ᠳᠠᠯ᠎ᠠ ᠪᠠᠷ ᠮᠦᠨ ᠯᠡ ᠳᠠᠨᠢᠯᠳᠡ ᠲᠤᠳᠠᠮᠠᠭ ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠬᠦᠢᠴᠡᠳ ᠪᠤᠰᠤ ᠵᠡᠷᠬᠡ ᠠᠰᠠᠭᠤᠳᠠᠯ | ᠤᠷᠤᠰᠢᠵᠤ ᠪᠠᠶᠢᠬᠤ ᠶᠢ ᠰᠡᠷᠬᠡᠭ ᠢᠶᠠᠷ ᠳᠠᠨᠢᠵᠤ ᠂ ᠤᠯᠠᠮ ᠨᠢᠬᠡ ᠠᠯᠬᠤᠮ ᠰᠢᠯᠢᠳᠡᠭᠵᠢᠬᠦᠯᠤᠨ ᠳᠡᠭᠡᠭᠰᠢᠯᠡᠬᠦᠯᠡᠬᠦ ᠨᠢ ᠪᠠᠴᠢᠮ ᠲᠤᠯᠭᠠᠮ ᠪᠤᠯᠤᠭᠠᠳ ᠪᠠᠶᠢᠨ᠎ᠠ ᠃ | ★ ᠰᠠᠨᠠᠭᠤᠯᠭ᠎ᠠ ᠄ ᠪᠡᠯᠡ ᠤᠷᠤᠭᠤᠯᠤᠯᠳᠠ ᠶᠢᠨ ᠬᠦᠭᠵᠢᠯᠳᠡ ᠶᠢᠨ ᠤᠷᠴᠢᠨ ᠠᠬᠤᠢ ᠶᠢ ᠲᠡᠰᠵᠢᠬᠦᠯᠦᠨᠠ ᠃ ᠳᠦᠷᠦ ᠶᠢᠨ ᠪᠤᠳᠤᠯᠭ᠎ᠠ ᠳᠦᠷᠢᠮ ᠤᠨ ᠲᠡᠭᠡᠳᠤ | ᠲᠠᠪᠬᠤᠷᠭ᠎ᠠ ᠶᠢᠨ ᠵᠢᠷᠤᠭ ᠳᠦᠯᠦᠪᠯᠡᠭᠡ ᠶᠢ ᠴᠢᠩᠭᠠᠳᠬᠠᠵᠤ ᠂ ᠦᠢᠯᠡᠰ ᠪᠦᠳᠦᠬᠡᠬᠦ ᠠᠵᠢᠯ ᠤᠯᠭᠤᠯᠳᠠ ᠶᠢᠨ ᠳᠦᠷᠦ ᠶᠢᠨ ᠪᠤᠳᠤᠯᠭ᠎ᠠ ᠶᠢᠨ ᠲᠡᠳᠬᠦᠬᠦ ᠡᠷᠴᠢᠮ ᠢ | ᠤᠯᠠᠮ ᠨᠢᠬᠡ ᠠᠯᠬᠤᠮ ᠴᠢᠩᠭᠠᠳᠬᠠᠵᠤ ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢᠨ ᠤᠷᠤᠨ ᠪᠦᠰᠡ ᠶᠢᠨ ᠦᠷᠢᠰᠦᠯᠳᠦᠬᠦ ᠬᠦᠴᠤᠨ ᠢ ᠳᠡᠭᠡᠭᠰᠢᠯᠡᠬᠦᠯᠦᠨ᠎ᠡ ︔ | ᠪᠡᠯᠡ ᠤᠷᠤᠭᠤᠯᠤᠯᠳᠠ ᠪᠦᠳᠦᠬᠡᠨ ᠪᠠᠶᠢᠭᠤᠯᠤᠯᠳᠠ ᠶᠢᠨ ᠬᠠᠮᠢᠶᠠᠷᠤᠯᠳᠡ ᠶᠢᠨ ᠶᠠᠪᠤᠴᠠ ᠶᠢ ᠰᠢᠯᠢᠳᠡᠭᠵᠢᠬᠦᠯᠵᠤ ᠂ ᠬᠢᠨᠠᠨ ᠵᠦᠪᠰᠢᠶᠡᠷᠡᠬᠦ ᠶᠠᠪᠤᠴᠠ ᠶᠢ | ᠪᠠᠷᠢᠮᠵᠢᠶᠠᠵᠢᠭᠤᠯᠤᠨ ᠬᠡᠷᠡᠭᠵᠢᠬᠦᠯᠵᠤ ᠂ ᠴᠠᠬ ᠢ ᠪᠤᠭᠤᠨᠢᠰᠬᠠᠨ ᠦᠷ᠎ᠡ ᠪᠦᠳᠦᠮᠵᠢ ᠶᠢ ᠳᠡᠭᠡᠭᠰᠢᠯᠡᠬᠦᠯᠦᠨ᠎ᠡ ︔ ᠨᠡᠶᠢᠬᠡᠮ ᠤᠨ ᠬᠢᠨᠠᠯᠳᠠ ᠳᠠᠯᠪᠢᠵᠤ ᠦᠨᠡᠯᠡᠬᠦ | ᠳᠤᠬᠳᠠᠴᠠ ᠶᠢ ᠪᠠᠶᠢᠭᠤᠯᠤᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠪᠠ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠮᠦᠷᠳᠡᠵᠤ ᠂ ᠠᠵᠤ | ᠠᠬᠤᠶᠢᠯᠡᠯ ᠬᠢᠬᠡᠳ ᠤᠯᠠᠨ ᠳᠦᠮᠡᠨ ᠤ ᠠᠵᠢᠯ ᠶᠠᠪᠤᠳᠠᠯ ᠪᠦᠳᠦᠬᠡᠵᠦ ᠦᠢᠯᠡᠰ ᠪᠦᠳᠦᠬᠡᠬᠦ ᠳᠤ ᠲᠤᠯᠭᠠᠷᠠᠬᠰᠠᠨ ᠬᠦᠴᠢᠷ ᠳᠦᠪᠡᠭᠳᠡᠢ ᠠᠰᠠᠭᠤᠳᠠᠯ ᠢ ᠬᠦᠴᠦᠯᠡᠨ | ᠰᠶᠢᠳᠪᠦᠷᠢᠯᠡᠨ᠎ᠡ ᠃ ᠠᠵᠤ ᠠᠬᠤᠶᠢᠯᠡᠯ ᠤᠨ ᠡᠵᠡᠩᠨᠡᠯᠳᠡ ᠶᠢᠨ ᠤᠷᠴᠢᠨ ᠳᠤᠭᠤᠷᠢᠨ ᠢ ᠰᠢᠯᠢᠳᠡᠭᠵᠢᠬᠦᠯᠵᠤ ᠂ ᠵᠠᠰᠠᠬ ᠵᠠᠬᠢᠷᠭᠠᠨ ᠤ ᠬᠠᠤᠯᠢ ᠬᠡᠷᠡᠭᠵᠢᠬᠦᠯᠬᠦ | ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ ᠂ ᠮᠦᠡᠭᠬᠦᠨ ᠬᠦᠢᠯᠬᠡᠬᠡ ᠶᠢᠨ ᠪᠤᠳᠠᠳᠤ ᠴᠤᠬᠴᠠ ᠶᠢᠨ ᠠᠵᠤ ᠠᠬᠤᠢ ᠳᠤ ᠦᠵᠡᠬᠦᠯᠬᠦ ᠳᠡᠮᠵᠢᠯᠬᠡ ᠶᠢ | ᠳᠤᠪᠤᠶᠢᠯᠭᠠᠵᠤ ᠂ ᠪᠤᠳᠠᠳᠤ ᠴᠤᠬᠴᠠ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠭᠡᠭᠵᠢᠬᠦᠯᠬᠦ ᠳᠤ ᠬᠦᠴᠤᠳᠡᠢ ᠳᠤᠯᠭᠠᠭᠤᠷᠢᠯᠡᠯ ᠬᠠᠨᠭ᠍ᠭᠠᠨ᠎ᠠ ᠃ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠤᠷᠴᠢᠨ ᠲᠤᠭᠤᠷᠢᠨ ᠢ ᠰᠠᠶᠢᠵᠢᠷᠠᠭᠤᠯᠤᠨ᠎ᠠ ᠃《 ᠦᠨᠡᠮᠯᠡᠯ ᠬᠠᠰᠤᠵᠦ ᠠᠷᠠᠳ ᠲᠤ ᠲᠦᠬᠦᠮ ᠦᠵᠡᠬᠦᠯᠬᠦ》ᠲᠤᠰᠬᠠᠢ ᠠᠵᠢᠯᠯᠠᠭ᠎ᠠ | ᠶᠢ ᠦᠷᠨᠢᠬᠦᠯᠵᠦ ᠂ ᠢᠯᠡ ᠬᠡᠯᠪᠡᠷᠢ ᠶᠢᠨ ᠂ ᠦᠢᠯᠡᠴᠢᠯᠡᠬᠡᠨ ᠤ ᠬᠡᠯᠪᠡᠷᠢ ᠶᠢᠨ ᠂ ᠦᠷ᠎ᠠ ᠪᠦᠳᠦᠮᠵᠢ ᠶᠢᠨ ᠬᠡᠯᠪᠡᠷᠢ ᠶᠢᠨ ᠵᠠᠰᠠᠭ ᠤᠨ ᠤᠷᠳᠤᠨ ᠢ ᠪᠦᠳᠦᠬᠡᠨ ᠪᠠᠶᠢᠭᠤᠯᠵᠦ ᠂ | ᠬᠢᠨᠠᠨ ᠵᠦᠪᠰᠢᠶᠡᠷᠡᠬᠦ ᠪᠠ ᠬᠢᠨᠠᠨ ᠬᠠᠮᠢᠶᠠᠷᠤᠯᠳᠠ ᠶᠢ ᠵᠡᠷᠬᠡᠪᠡᠷ ᠴᠢᠬᠤᠯᠠᠴᠢᠯᠠᠬᠤ ᠶᠢ ᠪᠠᠷᠢᠮᠳᠠᠯᠠᠨ ᠂ ᠬᠢᠨᠡᠨ ᠵᠦᠪᠰᠢᠶᠡᠷᠡᠬᠦ ᠬᠢᠬᠡᠳ ᠦᠢᠯᠡᠴᠢᠯᠡᠭᠡ ᠂ ᠬᠢᠨᠠᠨ | ᠵᠦᠪᠰᠢᠶᠡᠷᠡᠬᠦ ᠬᠢᠬᠡᠳ ᠬᠢᠨᠠᠨ ᠬᠠᠮᠢᠶᠠᠷᠤᠯᠳᠠ ᠶᠢ ᠵᠡᠷᠬᠡᠪᠡᠷ ᠴᠢᠬᠤᠯᠠᠴᠢᠯᠠᠬᠤ ᠵᠢᠴᠢ ᠬᠢᠨᠠᠨ ᠵᠦᠪᠰᠢᠶᠡᠷᠡᠬᠦ ᠬᠢᠬᠡᠳ ᠬᠠᠷᠢᠭᠤᠴᠠᠯᠭ᠎ᠠ ᠶᠢ ᠬᠤᠯᠪᠤᠬᠰᠠᠨ ᠠᠵᠢᠯ ᠤᠨ | ᠰᠢᠨ᠎ᠠ ᠲᠤᠭᠳᠠᠴᠠ ᠶᠢ ᠠᠯᠬᠤᠮ ᠠᠯᠬᠤᠮ ᠢᠶᠠᠷ ᠪᠦᠷᠢᠯᠳᠦᠬᠦᠯᠦᠨ᠎ᠠ ᠃ | |