| | 2 ᠰᠠᠷ᠎ᠡ ᠶᠢᠨ 14 ᠤ ᠡᠳᠦᠷ ᠤᠨ ᠦᠳᠡ ᠶᠢᠨ ᠡᠮᠦᠨ᠎ᠡ ᠂ ᠤᠯᠤᠰ ᠳᠦᠷᠦ ᠶᠢᠨ ᠵᠦᠪᠯᠡᠯᠬᠡᠨ ᠤ ᠵᠡᠬᠦᠨᠭᠠᠷ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ | ᠬᠤᠶᠠᠳᠤᠭᠠᠷ ᠤᠳᠠᠭ᠎ᠠ ᠶᠢᠨ ᠬᠤᠷᠡᠯ ᠦᠪᠡᠳᠡᠭᠰᠢ ᠶᠡᠭᠡ ᠪᠠᠷ ᠡᠬᠢᠯᠡᠪᠡ ᠃ ᠬᠤᠷᠡᠯ ᠳᠡᠬᠡᠷ᠎ᠡ ᠂ ᠬᠤᠤ ᠵᠠᠨ ᠪᠢᠡᠭ ᠂ ᠶᠠᠩ ᠮᠸᠢ ᠯᠢᠶᠠᠨ ᠂ ᠵᠠᠩ ᠸᠠᠨ ᠺᠤᠸᠠᠨ ᠂ ᠸᠠᠩ | ᠵᠤᠤ ᠬᠤᠸᠠ ᠂ ᠼᠦᠢ ᠵᠢᠶᠦ᠋ᠨ ᠵᠡᠷᠬᠡ 5 ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠬᠤ ᠂ ᠳᠠᠷᠢᠶᠠᠯᠠᠩ ᠢ | ᠬᠦᠭᠵᠢᠬᠦᠯᠬᠦ ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ ᠂ ᠠᠮᠢ ᠠᠬᠤᠢ ᠶᠢ ᠰᠡᠷᠬᠦᠬᠡᠬᠦ ᠂ ᠠᠷᠬᠠᠬ ᠡᠪᠡᠳᠴᠢᠨ ᠢ ᠰᠡᠷᠬᠡᠶᠢᠯᠡᠨ ᠵᠠᠰᠠᠬᠤ ᠵᠡᠷᠬᠡ | ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠤᠯᠪᠤᠬᠳᠠᠬᠰᠠᠨ ᠪᠠ ᠤᠯᠠᠨ ᠳᠦᠮᠡᠨ ᠤ ᠨᠡᠶᠢᠳᠡᠮ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠤᠨ ᠳᠤᠭᠤᠷᠢᠨ ᠳᠤ | ᠶᠠᠷᠢᠶ᠎ᠠ ᠲᠠᠯᠪᠢᠪᠠ ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨᠸᠠᠩ ᠵᠤᠤ ᠬᠤᠸᠠ ᠄ | ᠠᠷᠬᠠᠬ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠦ ᠪᠥᠬᠦ ᠬᠤᠰᠢᠭᠤᠨ ᠤ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ | | | | ★ᠦᠵᠡᠯᠲᠡ ᠄ ᠠᠵᠤ ᠦᠢᠯᠡᠳᠪᠦᠷᠢᠵᠢᠯᠲᠡ ᠂ ᠬᠤᠲᠠ ᠪᠠᠯᠭᠠᠰᠤᠵᠢᠯᠲᠠ ᠂ ᠬᠥᠮᠦᠨ ᠠᠮᠠ ᠶᠢᠨ ᠨᠠᠰᠤᠵᠢᠯᠲᠠ ᠶᠢᠨ ᠠᠬᠢᠴᠠ ᠶᠢᠨ ᠲᠦᠷᠭᠡᠳᠬᠦ ᠶᠢ ᠳᠠᠭᠠᠯᠳᠤᠨ ᠂ | ᠮᠠᠨ ᠤ ᠬᠤᠰᠢᠭᠤᠨ ᠤ ᠰᠠᠭᠤᠭᠠᠯᠢ ᠠᠷᠠᠳ ᠤᠨ ᠡᠪᠡᠳᠴᠢᠨ ᠡᠮᠭᠡᠭ ᠤᠨ ᠵᠢᠬᠰᠠᠯ ᠶᠠᠭ ᠰᠠᠶᠢᠬᠠᠨ ᠤᠯᠠᠷᠢᠨ ᠬᠤᠪᠢᠰᠴᠤ ᠪᠠᠶᠢᠨ᠎ᠠ ᠃ ᠣᠶᠢᠷ᠎ᠠ ᠶᠢᠨ ᠵᠢᠯ ᠤᠨ ᠬᠢᠨᠠᠨ | ᠬᠡᠮᠵᠢᠯᠲᠡ ᠶᠢᠨ ᠲᠤᠭ᠎ᠠ ᠪᠠᠷᠢᠮᠲᠠ ᠠᠴᠠ ᠦᠵᠡᠪᠡᠯ ᠂ ᠠᠷᠬᠠᠭ ᠡᠪᠡᠳᠴᠢᠨ ᠨᠢ ᠨᠢᠭᠡᠨᠲᠡ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢ | ᠨᠥᠯᠥᠭᠡᠯᠡᠬᠦ ᠬᠠᠮᠤᠭ ᠤᠨ ᠠᠶᠤᠯᠳᠡᠢ ᠬᠦᠴᠦᠨ ᠵᠦᠢᠯ ᠪᠤᠯᠤᠬᠰᠠᠨ ᠪᠠᠶᠢᠨ᠎ᠠ ᠃ ᠣᠳᠣᠬᠠᠨ ᠳᠤ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠠᠷᠬᠠᠭ | ᠡᠪᠡᠳᠴᠢᠨ ᠤ ᠠᠶᠤᠯ ᠲᠦᠭᠰᠢᠬᠦᠷᠢ ᠶᠢᠨ ᠲᠤᠬᠠᠶ ᠲᠠᠨᠢᠯᠲᠠ ᠳᠤᠲᠠᠮᠠᠭ ᠂ ᠠᠷᠬᠠᠬ ᠡᠪᠡᠳᠴᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ | ᠲᠡᠭᠦᠯᠳᠡᠷ ᠪᠤᠰᠤ ᠂ ᠠᠷᠬᠠᠬ ᠡᠪᠡᠳᠴᠢᠨ ᠢ ᠰᠡᠷᠭᠡᠶᠢᠯᠡᠨ ᠡᠵᠡᠮᠳᠡᠬᠦ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠬᠤ ᠴᠢᠬᠤᠯᠠᠲᠠᠶ ᠪᠤᠯᠤᠭᠠᠳ ᠪᠠᠶᠢᠨ᠎ᠠ ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠪᠤᠷᠢᠲᠠᠨ ᠳᠤᠲᠠᠭᠳᠠᠵᠤ ᠂ ᠬᠢᠲᠠᠳ ᠡᠮ ᠡᠮᠨᠡᠯᠭᠡ ᠶᠢᠨ ︽ ᠡᠪᠡᠳᠴᠢᠨ ᠢ ᠰᠡᠷᠭᠡᠶᠢᠯᠡᠨ | ᠵᠠᠰᠠᠬᠤ ︾ ᠳᠠᠪᠠᠭᠤᠯᠢᠭ ᠢ ᠭᠦᠢᠴᠡᠳ ᠪᠠᠳᠠᠷᠠᠭᠤᠯᠵᠤ ᠴᠢᠳᠠᠭ᠎ᠠ ᠥᠬᠡᠶ ᠂ ᠠᠷᠬᠠᠬ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠶᠠᠪᠤᠳᠠᠯ ᠲᠤᠯᠭᠠᠮ | ᠱᠠᠭᠠᠷᠳᠠᠭᠳᠠᠵᠤ ᠪᠠᠶᠢᠨ᠎ᠠ ᠃ | ★ ᠰᠠᠨᠠᠭᠤᠯᠭ᠎ᠠ ᠄ ᠨᠢᠭᠡ ᠳᠤ ᠂ ᠪᠦᠬᠦ ᠠᠷᠠᠳ ᠤᠨ ᠡᠷᠡᠭᠦᠯ ᠮᠡᠨᠳᠦ ᠶᠢᠨ ᠬᠥᠮᠦᠵᠢᠯ ᠢ ᠥᠷᠨᠢᠭᠦᠯᠵᠦ ᠂ ᠣᠯᠠᠨ ᠲᠦᠮᠡᠨ ᠤ ᠥᠪᠡᠷ ᠢ ᠪᠠᠨ ᠰᠡᠷᠭᠡᠶᠢᠯᠡᠨ ᠡᠵᠡᠮᠳᠡᠬᠦ | ᠤᠬᠠᠮᠰᠠᠷ ᠪᠠ ᠡᠷᠡᠭᠦᠯᠵᠢᠯ ᠤᠨ ᠴᠢᠳᠠᠪᠤᠷᠢ ᠶᠢ ᠲᠡᠭᠡᠭᠰᠢᠯᠡᠬᠦᠯᠦᠨ᠎ᠠ ᠃ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠰᠠᠷᠠᠭᠤᠯ ᠠᠮᠢᠳᠤᠷᠠᠯ ᠤᠨ | ᠠᠷᠭ᠎ᠠ ᠮᠠᠶ᠋ᠢᠭ ᠲᠠᠢ ᠪᠤᠯᠭᠠᠬᠤ ᠶᠢᠨ ᠬᠠᠮᠳᠤ ᠪᠠᠳᠤᠳᠬᠠᠨ ᠲᠣᠭᠲᠠᠪᠤᠷᠢᠵᠢᠭᠤᠯᠵᠤ ᠂ ᠠᠷᠬᠠᠬ ᠡᠪᠡᠳᠴᠢᠨ ᠤ ᠡᠭᠦᠰᠭᠦ ᠨᠣᠷᠮ᠎ᠠ ᠶᠢ ᠦᠨᠳᠦᠰᠦᠨ ᠠᠴᠠ ᠨᠢ ᠪᠠᠭᠠᠰᠬᠠᠨ᠎ᠠ ᠃ | ᠬᠤᠶᠠᠷ ᠲᠤ ᠂ ᠠᠷᠬᠠᠬ ᠡᠪᠡᠳᠴᠢᠨ ᠢ ᠰᠡᠷᠭᠡᠶᠢᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠂ ᠬᠠᠮᠲᠤᠪᠠᠷ | ᠪᠠᠶᠢᠭᠤᠯᠵᠤ ᠬᠠᠮᠲᠤᠪᠠᠷ ᠡᠳ᠋ᠯᠡᠨ ᠂ ᠰᠡᠷᠬᠡᠶᠢᠯᠡᠬᠦ ᠪᠠᠷ ᠭᠤᠣᠯᠳᠠᠭᠤᠯᠵᠦ ᠂ ᠲᠦᠷᠦᠯ ᠬᠤᠪᠢᠶᠠᠨ ᠵᠢᠯᠣᠭᠤᠳᠬᠤ ᠵᠠᠷᠴᠢᠮ ᠢ ᠪᠠᠷᠢᠮᠲᠠᠯᠠᠵᠤ ᠂ ᠵᠠᠰᠠᠭ ᠤᠨ ᠣᠷᠳᠣᠨ ᠢᠶᠠᠷ | ᠤᠳᠤᠷᠢᠳᠤᠮᠵᠢ ᠪᠤᠯᠭᠠᠬᠤ ᠂ ᠰᠠᠯᠠᠭ᠎ᠠ ᠮᠥᠴᠢᠷ ᠬᠠᠮᠵᠢᠯᠴᠠᠬᠤ ᠂ ᠨᠡᠶᠢᠭᠡᠮ ᠨᠠᠶᠢᠳᠠ ᠶᠢ ᠲᠠᠶᠢᠴᠢᠯᠠᠬᠤ ᠂ ᠪᠦᠬᠦ ᠠᠷᠠᠳ ᠢᠶᠠᠷ ᠢᠶᠠᠨ ᠣᠷᠣᠯᠴᠠᠬᠰᠠᠨ ᠠᠷᠬᠠᠬ | ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠥᠪᠡᠷ ᠪᠡᠶ᠎ᠡ ᠪᠠᠷ ᠢᠶᠠᠨ ᠭᠤᠤᠯᠯᠠᠭᠤᠯᠤᠨ ᠂ ᠬᠠᠷᠢᠯᠴᠠᠨ ᠬᠠᠪᠰᠤᠷᠤᠯᠴᠠᠵᠦ ᠂ | ᠨᠡᠶᠢᠭᠡᠮ ᠨᠠᠶᠢᠳᠠ ᠪᠠᠷ ᠢᠶᠠᠨ ᠳᠡᠮᠵᠢᠵᠦ ᠂ ᠵᠠᠰᠠᠭ ᠤᠨ ᠣᠷᠳᠣᠨ ᠵᠢᠯᠤᠭᠤᠳᠤᠬᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ᠎ᠠ ᠃ ᠭᠤᠷᠪᠠ ᠳᠤ ᠂ | ᠠᠷᠬᠠᠬ ᠡᠪᠡᠳᠴᠢᠨ ᠢ ᠰᠡᠷᠭᠡᠶᠢᠯᠡᠨ ᠡᠵᠡᠮᠳᠡᠬᠦ ᠲᠣᠮᠣ ᠳ᠋ᠠᠶᠢᠲ᠋ᠠ ᠲᠠᠪᠴᠠᠩ ᠢ ᠪᠠᠶᠢᠭᠤᠯᠤᠨ᠎ᠠ ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ | ᠲᠠᠪᠴᠠᠩ ᠤᠨ ᠪᠠᠶᠢᠭᠤᠯᠤᠯᠲᠠ ᠶᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠡᠪᠡᠳᠴᠢᠨ ᠤ ᠪᠠᠶᠢᠳᠠᠯ ᠢᠯᠡᠷᠡᠬᠦ ᠂ ᠬᠦᠨᠳᠦᠷᠡᠬᠦ ᠂ ᠥᠭᠦᠬᠦ ᠵᠢᠴᠢ ᠠᠶᠤᠯᠲᠠᠶ | ᠬᠦᠴᠦᠨ ᠵᠦᠢᠯ ᠢ ᠬᠢᠨᠠᠨ ᠬᠡᠮᠵᠢᠬᠦ ᠳ᠋ᠠᠶᠢᠲ᠋ᠠ ᠬᠥᠮᠥᠷᠭᠡ ᠶᠢ ᠪᠠᠶᠢᠭᠤᠯᠵᠤ ᠂ ᠣᠷᠣᠨ ᠪᠦᠰᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ | ᠪᠡᠶᠡᠯᠡᠭᠦᠯᠵᠦ ᠂ ᠠᠷᠬᠠᠬ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠲᠦᠷᠪᠡ ᠳᠤ ᠂ ᠠᠷᠬᠠᠬ | ᠡᠪᠡᠳᠴᠢᠨ ᠢ ᠰᠡᠷᠭᠡᠶᠢᠯᠡᠨ ᠡᠵᠡᠮᠳᠡᠬᠦ ᠵᠠᠷᠤᠳᠠᠯ ᠤᠨ ᠣᠷᠣᠭᠤᠯᠤᠯᠲᠠ ᠪᠠ ᠡᠩᠨᠡᠭᠡᠨ ᠤ ᠪᠠᠶᠢᠭᠤᠯᠤᠯᠲᠠ ᠶᠢ ᠨᠡᠮᠡᠭᠳᠡᠭᠦᠯᠵᠦ ᠂ ᠠᠷᠬᠠᠬ ᠡᠪᠡᠳᠴᠢᠨ ᠤ ᠬᠠᠮᠢᠶᠠᠷᠤᠯᠳᠠ ᠪᠠ | ᠡᠵᠡᠮᠳᠡᠬᠦ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ ᠃ ᠡᠪᠡᠳᠴᠢᠲᠡᠨ ᠢ ᠲᠦᠷᠢᠮᠵᠢᠬᠦᠯᠦᠨ ᠬᠠᠮᠢᠶᠠᠷᠬᠤ ᠨᠣᠷᠮ᠎ᠠ ᠪᠠ ᠡᠵᠡᠮᠳᠡᠬᠦ ᠨᠣᠷᠮ᠎ᠠ ᠶᠢ ᠴᠢᠷᠮᠠᠶᠢᠨ | ᠳᠡᠭᠡᠭᠰᠢᠯᠡᠭᠦᠯᠦᠨ᠎ᠠ ᠃ ᠲᠠᠪᠤ ᠳᠤ ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠦᠨ᠎ᠠ ᠃ ᠬᠢᠲᠠᠳ ᠡᠮ ᠡᠮᠨᠡᠯᠭᠡ ᠶᠢᠨ ᠤᠯᠠᠮᠵᠢᠯᠠᠯᠲᠤ | ᠵᠠᠰᠠᠯ ᠤᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠᠠ ᠠᠴᠠ ᠲᠠᠶᠢᠯᠬᠤ ᠬᠦᠷᠢᠶ᠎ᠠ ᠬᠡᠪᠴᠢᠶ᠎ᠠ ᠶᠢ ᠨᠡᠮᠡᠭᠳᠡᠬᠦᠯᠦᠨ᠎ᠠ ︔ ︽ ᠡᠪᠡᠳᠴᠢᠯᠡᠬᠡᠳᠦᠢ ᠪᠠᠷ ᠵᠠᠰᠠᠬᠤ ︾ | ᠵᠦᠢᠯᠡᠰ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ ᠃ ᠬᠢᠲᠠᠳ ᠡᠮ ᠡᠮᠨᠡᠯᠭᠡ ᠶᠢᠨ ᠤᠨᠴᠠᠯᠢᠭᠳᠤ ᠡᠷᠡᠭᠦᠯᠵᠢᠯ ᠤᠨ ᠦᠢᠯᠡᠴᠢᠯᠡᠭᠡ ᠶᠢ | ᠬᠦᠭᠵᠢᠬᠦᠯᠦᠨ᠎ᠠ ᠃ ᠬᠤᠲᠠ ᠬᠥᠳᠡᠭᠡ ᠶᠢ ᠬᠠᠮᠤᠷᠤᠭᠰᠠᠨ ᠬᠢᠲᠠᠳ ᠡᠮ ᠡᠮᠨᠡᠯᠭᠡ ᠶᠢᠨ ᠡᠷᠡᠭᠦᠯᠵᠢᠯ ᠳᠤ ᠦᠢᠯᠡᠴᠢᠯᠡᠬᠦ ᠪᠠᠷᠢᠮᠵᠢᠶ᠎ᠠ ᠶᠢ ᠪᠦᠷᠢᠨᠰᠢᠬᠦᠯᠦᠨ᠎ᠠ ᠃ | |