| | 2 ᠰᠠᠷ᠎ᠡ ᠶᠢᠨ 14 ᠤ ᠡᠳᠦᠷ ᠤᠨ ᠦᠳᠡ ᠶᠢᠨ ᠡᠮᠦᠨ᠎ᠡ ᠂ ᠤᠯᠤᠰ ᠳᠦᠷᠦ ᠶᠢᠨ ᠵᠦᠪᠯᠡᠯᠬᠡᠨ ᠤ ᠵᠡᠬᠦᠨᠭᠠᠷ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ | ᠬᠤᠶᠠᠳᠤᠭᠠᠷ ᠤᠳᠠᠭ᠎ᠠ ᠶᠢᠨ ᠬᠤᠷᠡᠯ ᠦᠪᠡᠳᠡᠭᠰᠢ ᠶᠡᠭᠡ ᠪᠠᠷ ᠡᠬᠢᠯᠡᠪᠡ ᠃ ᠬᠤᠷᠡᠯ ᠳᠡᠬᠡᠷ᠎ᠡ ᠂ ᠬᠤᠤ ᠵᠠᠨ ᠪᠢᠡᠭ ᠂ ᠶᠠᠩ ᠮᠸᠢ ᠯᠢᠶᠠᠨ ᠂ ᠵᠠᠩ ᠸᠠᠨ ᠺᠤᠸᠠᠨ ᠂ ᠸᠠᠩ | ᠵᠤᠤ ᠬᠤᠸᠠ ᠂ ᠼᠦᠢ ᠵᠢᠶᠦ᠋ᠨ ᠵᠡᠷᠬᠡ 5 ᠤᠯᠤᠰ ᠳᠦᠷᠦ ᠶᠢᠨ ᠵᠦᠪᠯᠡᠯᠬᠡᠨ ᠤ ᠬᠡᠰᠢᠬᠦᠨ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠬᠤ ᠂ ᠳᠠᠷᠢᠶᠠᠯᠠᠩ ᠢ | ᠬᠦᠭᠵᠢᠬᠦᠯᠬᠦ ᠂ ᠬᠤᠳᠠᠯᠳᠤᠭ᠎ᠠ ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ ᠂ ᠠᠮᠢ ᠠᠬᠤᠢ ᠶᠢ ᠰᠡᠷᠬᠦᠬᠡᠬᠦ ᠂ ᠠᠷᠬᠠᠬ ᠡᠪᠡᠳᠴᠢᠨ ᠢ ᠰᠡᠷᠬᠡᠶᠢᠯᠡᠨ ᠵᠠᠰᠠᠬᠤ ᠵᠡᠷᠬᠡ | ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠤᠯᠪᠤᠬᠳᠠᠬᠰᠠᠨ ᠪᠠ ᠤᠯᠠᠨ ᠳᠦᠮᠡᠨ ᠤ ᠨᠡᠶᠢᠳᠡᠮ ᠬᠠᠯᠠᠮᠵᠢᠯᠠᠵᠤ ᠪᠠᠶᠢᠭ᠎ᠠ ᠬᠠᠯᠠᠮᠰᠢᠯ ᠠᠰᠠᠭᠤᠳᠠᠯ ᠤᠨ ᠳᠤᠭᠤᠷᠢᠨ ᠳᠤ | ᠶᠠᠷᠢᠶ᠎ᠠ ᠲᠠᠯᠪᠢᠪᠠ ᠃ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠼᠦᠢ ᠵᠢᠶᠦ᠋ᠨ ᠄ | ᠪᠣᠬᠢᠷᠲᠤᠯ ᠦᠭᠡᠢ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠶ ᠶᠢ ᠰᠡᠷᠭᠦᠭᠡᠨ ᠵᠠᠰᠠᠬᠤ ᠶᠢ ᠲᠦᠷᠭᠡᠳᠭᠡᠵᠦ ᠪᠥᠬᠦ ᠬᠤᠰᠢᠭᠤᠨ ᠤ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ | | | | | | ★ ᠦᠵᠡᠯᠲᠠ ᠄ ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠭᠠᠵᠠᠷ ᠰᠢᠨᠵᠢᠯᠡᠭᠡᠨ ᠤ ᠣᠷᠴᠢᠨ ᠲᠤᠭᠤᠷᠢᠨ ᠤ ᠵᠠᠰᠠᠯᠲᠠ ᠪᠠ ᠠᠮᠢ ᠠᠬᠤᠶ ᠶᠢᠨ ᠰᠡᠷᠭᠦᠭᠡᠯᠲᠡ | ᠬᠠᠮᠠᠭᠠᠯᠠᠯᠲᠠ ᠶᠢ ᠶᠡᠬᠡᠪᠡᠷ ᠬᠡᠷᠡᠭᠵᠢᠭᠦᠯᠦᠭᠡᠳ ᠢᠯᠡᠳᠲᠡ ᠦᠷ᠎ᠡ ᠪᠦᠲᠦᠮᠵᠢ ᠤᠯᠵᠦ ᠂ ᠠᠭᠤᠷᠬᠠᠶ ᠶᠢᠨ ᠠᠮᠢ ᠠᠬᠤᠶ ᠣᠷᠴᠢᠨ ᠲᠤᠭᠤᠷᠢᠨ ᠢᠯᠡᠳᠲᠡ ᠰᠠᠶᠢᠵᠢᠷᠠᠬᠰᠠᠨ | ᠪᠤᠯᠪᠠᠴᠤ ᠮᠥᠨ ᠯᠡ ᠴᠥᠭᠡᠨ ᠪᠤᠰᠤ ᠵᠥᠷᠢᠶ᠎ᠠ ᠤᠷᠤᠰᠢᠵᠦ ᠪᠠᠶᠢᠨ᠎ᠠ ᠃ ᠰᠡᠷᠭᠦᠭᠡᠨ ᠵᠠᠰᠠᠬᠤ ᠴᠢᠬᠤᠯᠠ ᠲᠠᠢ ᠠᠭᠤᠷᠬᠠᠶ ᠪᠠ ᠬᠠᠶᠠᠭᠳᠠᠮᠠᠯ ᠨᠡᠭᠦᠷᠡᠰᠦᠨ ᠴᠢᠯᠠᠭᠤ ᠶᠢ | ᠬᠡᠷᠬᠢᠨ ᠪᠣᠬᠢᠷᠲᠤᠯ ᠦᠭᠡᠢ ᠠᠮᠢ ᠠᠬᠤᠶ ᠶᠢᠨ ᠨᠤᠳᠤᠭ ᠤᠰᠤ ᠪᠠ ᠯᠤᠲᠤ ᠶᠡᠭᠡ ᠡᠬᠢ ᠪᠠᠶᠠᠯᠢᠭ ᠡᠳ᠋ ᠪᠠᠶᠠᠯᠢᠭ ᠤᠨ ᠨᠤᠳᠤᠭ ᠤᠰᠤ ᠪᠣᠯᠭᠠᠨ ᠬᠤᠪᠢᠷᠠᠭᠤᠯᠵᠦ ᠂ | ᠦᠷ᠎ᠡ ᠬᠤᠶᠢᠴᠢᠰ ᠲᠠᠭᠠᠨ ᠪᠤᠶᠠᠨ ᠦᠢᠯᠡᠳᠬᠦ ᠠᠯᠲᠠᠨ ᠮᠥᠩᠭᠦᠨ ᠠᠭᠤᠯᠠ ᠪᠤᠯᠭᠠᠨ ᠬᠤᠪᠢᠷᠠᠭᠤᠯᠬᠤ ᠪᠣᠯ ᠣᠳᠣᠬᠠᠨ ᠳᠤ ᠪᠠᠴᠢᠮ ᠲᠤᠯᠭᠠᠮ ᠰᠢᠢᠳᠪᠦᠷᠢᠯᠡᠬᠦ | ᠴᠢᠬᠤᠯᠠ ᠲᠠᠢ ᠪᠣᠳᠠᠲᠤ ᠠᠰᠠᠭᠤᠳᠠᠯ ᠪᠣᠯᠵᠦ ᠪᠠᠶᠢᠨ᠎ᠠ ᠃ | ★ᠰᠠᠨᠠᠭᠤᠯᠭ᠎ᠠ ᠄ ᠨᠢᠭᠡ ᠳᠤ ᠂ ᠪᠣᠬᠢᠷᠲᠤᠯ ᠦᠭᠡᠢ ᠬᠥᠭᠵᠢᠯᠲᠡ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ ᠂ ᠠᠵᠢᠯ ᠲᠦᠷᠦᠯ ᠤᠨ ᠬᠥᠭᠵᠢᠯᠲᠡ ᠶᠢ | ᠵᠢᠯᠣᠭᠤᠳᠤᠨ᠎ᠠ ᠃ ᠪᠥᠬᠦ ᠬᠤᠰᠢᠭᠤᠨ ᠤ ᠨᠡᠭᠦᠷᠡᠰᠦᠨ ᠤ ᠠᠵᠤ ᠦᠢᠯᠡᠰ ᠤᠨ ᠦᠷᠭᠦᠯᠵᠢᠯᠡᠭᠰᠡᠨ ᠬᠥᠭᠵᠢᠯᠲᠡ ᠶᠢᠨ ᠪᠥᠬᠦ ᠲᠠᠯ᠎ᠠ ᠠᠴᠠ ᠡᠭᠦᠰᠴᠦ ᠂ ᠪᠦᠷᠢᠨ ᠪᠦᠳᠦᠨ ᠂ | ᠵᠢᠯᠣᠭᠤᠳᠬᠤ ᠴᠢᠨᠠᠷᠲᠠᠶ ᠂ ᠬᠡᠷᠡᠭᠵᠢᠭᠦᠯᠵᠦ ᠪᠣᠯᠬᠤᠶᠢᠴᠠ ᠬᠠᠮᠢᠶ᠎ᠠ ᠪᠥᠬᠦᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠦ ᠂ ᠠᠯᠢ ᠣᠯᠠᠨ ᠪᠠᠷᠢᠮᠵᠢᠶ᠎ᠠ ᠲᠠᠢ ᠂ | ᠲᠦᠷᠢᠮᠵᠢᠯ ᠲᠠᠢ ᠂ ᠦᠨᠡᠯᠡᠯᠲᠡ ᠲᠠᠢ ᠵᠢᠴᠢ ᠱᠠᠩᠨᠠᠵᠤ ᠲᠣᠷᠭᠠᠬᠤ ᠲᠥᠷᠥ ᠶᠢᠨ ᠪᠣᠳᠣᠯᠭ᠎ᠠ ᠶᠢᠨ ᠲᠦᠷᠢᠮ ᠲᠤᠭᠳᠠᠭᠠᠬᠤ ᠶᠢ ᠰᠠᠨᠠᠭᠤᠯᠵᠦ ᠪᠠᠶᠢᠨ᠎ᠠ ᠃ ᠬᠤᠶᠠᠷ ᠲᠤ ᠂ | ᠲᠥᠷᠥ ᠶᠢᠨ ᠪᠣᠳᠣᠯᠭ᠎ᠠ ᠶᠢᠨ ᠤᠷᠮᠠᠰᠢᠭᠤᠯᠬᠤ ᠲᠣᠭᠲᠠᠴᠠ ᠶᠢ ᠲᠤᠭᠳᠠᠭᠠᠵᠦ ᠂ ᠰᠠᠯᠠᠭ᠎ᠠ ᠮᠥᠴᠢᠷ ᠤᠨ ᠨᠡᠶᠢᠯᠡᠮᠡᠯ ᠬᠦᠴᠦᠨ ᠢ ᠴᠢᠩᠭᠠᠳᠬᠠᠨ᠎ᠠ ᠃ ᠭᠤᠷᠪᠠ ᠳᠤ ᠂ | ᠵᠠᠰᠠᠭ ᠠᠵᠤ ᠠᠬᠤᠶᠢᠯᠠᠯ ᠤᠨ ᠬᠠᠷᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠨ᠎ᠡ ᠃ ᠵᠠᠰᠠᠭ ᠤᠨ | ᠣᠷᠳᠣᠨ ᠢᠶᠠᠷ ᠭᠤᠤᠯᠯᠠᠭᠤᠯᠤᠭᠰᠠᠨ ᠂ ᠠᠭᠤᠷᠬᠠᠶ ᠶᠢᠨ ᠠᠵᠤ ᠠᠬᠤᠶᠢᠯᠠᠯ ᠤᠨ ᠭᠤᠤᠯ ᠴᠣᠭᠴᠠ ᠪᠠ ᠬᠤᠰᠢᠭᠤᠨ ᠤ ᠳᠣᠲᠣᠷᠠᠬᠢ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠬᠠᠷᠢᠭᠤᠴᠠᠨ ᠬᠡᠷᠡᠭᠵᠢᠭᠦᠯᠬᠦ ᠭᠤᠷᠪᠠᠨ ᠲᠠᠯ᠎ᠠ ᠶᠢᠨ ᠬᠠᠷᠢᠯᠴᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠬᠦᠯᠵᠦ ᠂ ᠦᠷᠭᠦᠯᠵᠢᠯᠡᠭᠰᠡᠨ ᠬᠥᠭᠵᠢᠯᠳᠠ ᠶᠢ | ᠠᠬᠢᠭᠤᠯᠬᠤ ᠠᠮᠢ ᠠᠬᠤᠶ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠠᠭᠪᠤᠷ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ | ᠲᠤᠬᠳᠠᠯᠴᠠᠭ᠎ᠠ ᠶᠢ ᠪᠦᠷᠢᠯᠳᠦᠬᠦᠯᠵᠦ ᠂ ᠦᠢᠯᠡᠳᠪᠦᠷᠢᠯᠡᠯ ᠪᠠ ᠬᠡᠷᠡᠭᠯᠡᠭᠡ ᠶᠢᠨ ᠶᠠᠪᠤᠴᠠ ᠶᠢᠨ ᠬᠡᠮᠵᠢᠶ᠎ᠡ ᠶᠢ ᠪᠠᠭᠠᠰᠬᠠᠵᠤ ᠂ ᠳᠠᠬᠢᠨ ᠠᠰᠢᠭᠯᠠᠵᠦ ᠂ ᠡᠬᠢ | ᠪᠠᠶᠠᠯᠢᠭᠵᠢᠭᠤᠯᠬᠤ ᠶᠢ ᠠᠬᠢᠭᠤᠯᠤᠨ᠎ᠠ ᠃ ᠲᠦᠷᠪᠡ ᠳᠤ ᠂ ᠰᠡᠷᠬᠦᠬᠡᠨ ᠵᠠᠰᠠᠬᠤ ᠬᠡᠪ ᠳᠠᠭᠤᠷᠢᠶᠠᠯ ᠤᠨ ᠲᠦᠷᠦᠯ ᠵᠦᠢᠯ ᠢ ᠠᠬᠢᠭᠤᠯᠵᠦ ᠂ ᠵᠢᠱᠢᠶ᠎ᠠ ᠦᠵᠡᠭᠦᠯᠵᠦ | ᠬᠦᠳᠦᠯᠦᠨ ᠳᠠᠭᠠᠭᠤᠯᠬᠤ ᠶᠢ ᠲᠤᠪᠤᠶᠢᠯᠭᠠᠨ᠎ᠠ ᠃ ᠲᠠᠪᠤ ᠳᠤ ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ | ᠵᠢᠱᠢᠶ᠎ᠠ ᠦᠵᠡᠭᠦᠯᠬᠦ ᠲᠦᠷᠦᠯ ᠵᠦᠢᠯ ᠢ ᠲᠡᠮᠵᠢᠵᠦ ᠂ ᠪᠣᠬᠢᠷᠲᠤᠯ ᠦᠭᠡᠢ ᠠᠮᠢ ᠠᠬᠤᠢ ᠶᠢᠨ ᠦᠷᠭᠦᠯᠵᠢᠯᠡᠭᠰᠡᠨ ᠬᠥᠭᠵᠢᠯᠲᠡ ᠶᠢ ᠪᠡᠶᠡᠯᠡᠬᠦᠯᠦᠨ᠎ᠠ ᠃ | |