| | | ︽ ᠡᠨᠡ ᠵᠢᠯ ᠤᠨ ᠨᠢᠭᠡᠳᠦᠭᠡᠷ ᠰᠠᠷ᠎ᠠ ᠠᠴᠠ ᠡᠬᠢᠯᠡᠨ ᠪᠢᠳᠡ ᠪᠡᠭᠡᠵᠢᠩ ᠂ ᠬᠤᠨᠠᠨ ᠂ ᠹᠦᠵᠢᠶᠠᠨ ᠂ ᠾᠧᠨᠠᠨ ᠵᠡᠷᠭᠡ ᠭᠠᠵᠠᠷ ᠤᠨ 1000 ᠭᠠᠷᠤᠢ ᠲᠣᠨ ᠮᠦᠸᠧ | ᠯᠠᠢ ᠱᠢ ᠴᠢᠯᠠᠭᠤ ᠶᠢᠨ ᠵᠠᠬᠢᠶᠠᠯᠠᠭ᠎ᠠ ᠶᠢᠨ ᠬᠠᠭᠤᠳᠠᠰᠤ ᠶᠢ ᠵᠠᠯᠭᠠᠭ᠎ᠠ ᠪᠠᠷ ᠭᠥᠯᠢᠶᠡᠨ ᠠᠪᠴᠠᠢ ᠃ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠠᠴᠠ ᠡᠬᠢᠯᠡᠨ ᠂ | ᠵᠠᠬᠢᠶᠠᠯᠠᠭ᠎ᠠ ᠶᠢᠨ ᠬᠠᠭᠤᠳᠠᠰᠤ ᠶᠢ ᠠᠮᠵᠢᠵᠤ ᠪᠡᠶᠡᠯᠡᠬᠦᠯᠤᠨ ᠭᠠᠷᠤᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠶᠢᠨ ᠲᠥᠯᠥᠭᠡ ᠪᠢᠳᠡ ᠡᠳᠦᠷ ᠲᠤ 24 ᠴᠠᠭ ᠴᠢᠨᠡᠭᠡ ᠪᠠᠷ | ᠢᠶᠠᠨ ᠦᠢᠯᠡᠳᠪᠦᠷᠢᠯᠡᠵᠦ ᠪᠤᠢ ᠂ ᠰᠠᠶ᠋ᠢᠬᠠᠨ ᠦᠢᠯᠡᠳᠪᠦᠷᠢ ᠶᠢᠨ ᠬᠤᠶᠠᠷ ᠠᠴᠢᠶᠠᠨ ᠤ ᠮᠠᠰᠢᠨ ᠳᠤ 66 ᠲᠣᠨ ᠮᠦᠸᠧ ᠯᠠᠢ ᠱᠢ ᠴᠢᠯᠠᠭᠤ ᠶᠢ ᠳᠦᠭᠦᠷᠲᠡᠯ᠎ᠡ | ᠲᠡᠭᠡᠭᠡᠭᠡᠳ ᠹᠦᠵᠢᠶᠠᠨ ᠤᠷᠤᠭᠤ ᠶᠠᠪᠤᠭᠤᠯᠤᠯ᠎ᠠ ᠂ ᠪᠢᠳᠠ ᠦᠢᠯᠡᠳᠬᠦᠨ ᠢᠶᠠᠨ ᠦᠢᠯᠡᠳᠪᠦᠷᠢᠯᠡᠵᠦ ᠭᠠᠷᠭᠠᠮᠠᠬᠴᠠ ᠳᠠᠷᠤᠢ ᠳᠤᠨᠢ ᠶᠠᠪᠤᠭᠤᠯᠵᠤ ᠦᠭᠳᠡᠭ ᠰᠢᠤ ︾ ᠭᠡᠵᠦ | ᠥᠪᠥᠷ ᠮᠣᠩᠭᠤᠯ ᠤᠨ ᠢᠦᠢ ᠬᠤᠸᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠮᠡᠷᠭᠡᠵᠢᠯ ᠤᠨ | ᠬᠡᠯᠲᠡᠰ ᠤᠨ ᠳᠡᠳ᠋ ᠳᠠᠷᠤᠭ᠎ᠠ ᠦ᠋ ᠱᠦᠸᠧ ᠶᠠᠷᠢᠨ᠎ᠠ᠃ | | | | | | | | ᠵᠡᠭᠦᠨᠭᠠᠷ ᠠᠵᠤ ᠦᠢᠯᠡᠰ ᠤᠨ ᠬᠦᠷᠢᠶᠡᠯᠡᠩ ᠳᠤᠭᠤᠷᠢᠭ ᠤᠨ ᠢᠦᠢ ᠬᠤᠸᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠮᠠᠲ᠋ᠧᠷᠢᠶᠠᠯ ᠤᠨ ᠦᠢᠯᠡᠳᠪᠦᠷᠢᠯᠡᠯ ᠤᠨ | ᠲᠠᠰᠤᠭ ᠲᠤ ᠂ ᠮᠠᠰᠢᠨ ᠤ ᠳᠠᠭᠤᠨ ᠬᠦᠷᠴᠢᠬᠢᠨᠡᠵᠤ ᠂ ᠡᠯ᠎ᠡ ᠦᠢᠯᠡᠳᠪᠦᠷᠢᠯᠡᠯ ᠤᠨ ᠱᠤᠭᠤᠮ ᠶᠠᠭ ᠪᠦᠬᠦ ᠬᠦᠴᠦᠨ ᠢᠶᠠᠷ ᠢᠶᠠᠨ ᠵᠠᠬᠢᠶᠠᠯᠠᠭ᠎ᠠ ᠶᠢᠨ ᠬᠠᠭᠤᠳᠠᠰᠤ ᠶᠢ | ᠠᠮᠵᠢᠵᠤ ᠭᠠᠷᠭᠠᠬᠤ ᠪᠠᠷ ᠶᠠᠭᠠᠷᠠᠯᠳᠤᠨ᠎ᠠ ᠃ ᠠᠳᠡ᠂ ᠠᠵᠤ ᠦᠢᠯᠡᠳᠪᠦᠷᠢ ᠶᠢᠨ ᠬᠠᠲᠠᠭᠤ ᠪᠡᠶᠡᠳᠤ ᠬᠠᠶᠠᠭᠳᠠᠮᠠᠯ ᠪᠣᠳᠠᠰ ᠪᠤᠯᠬᠤ ᠨᠡᠭᠦᠷᠡᠰᠦᠨ ᠴᠢᠯᠠᠭᠤ ᠨᠢ | ᠳᠠᠯᠬᠠᠳᠤᠵᠤ ᠨᠤᠨᠳᠠᠬᠯᠠᠬᠤ ᠂ ᠥᠨᠳᠥᠷ ᠳᠤᠯᠠᠭᠠᠨ ᠢᠶᠠᠷ ᠰᠢᠳᠠᠭᠠᠬᠤ ᠵᠡᠷᠭᠡ ᠶᠠᠪᠤᠴᠠ ᠶᠢ ᠥᠩᠭᠡᠷᠡᠭᠡᠭᠰᠡᠨ ᠤ ᠳᠠᠷᠠᠭ᠎ᠠ᠂ ᠴᠠᠭᠠᠨ ᠥᠩᠭᠡᠲᠡᠢ ᠨᠠᠷᠢᠯᠢᠭ ᠨᠤᠨᠳᠠᠭ | ᠪᠤᠯᠤᠨ ᠬᠤᠪᠢᠷᠠᠵᠤ ᠂ ᠥᠨᠳᠥᠷ ᠨᠡᠮᠡᠯᠲᠡ ᠦᠷᠳᠡᠭ ᠲᠠᠢ ᠥᠨᠳᠥᠷ ᠲᠡᠰ ᠤᠨ ᠭᠠᠯ ᠳᠤ ᠳᠠᠭᠠᠭᠠᠮᠠᠭᠠᠢ ᠮᠠᠲ᠋ᠧᠷᠢᠶᠠᠯ ᠪᠣᠯᠬᠤ ᠮᠦᠸᠧ ᠯᠠᠢ ᠱᠢ ᠴᠢᠯᠠᠭᠤ ᠪᠣᠯᠵᠤ ᠂ | ᠸᠠᠭᠠᠷ ᠱᠠᠭᠠᠵᠠᠩ᠂ ᠠᠭᠠᠷ ᠤᠨ ᠠᠶᠠᠯᠠᠯ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠵᠦ ᠪᠤᠢ ᠃1 ᠲᠣᠨ ᠨᠡᠭᠦᠷᠡᠰᠦᠨ ᠴᠢᠯᠠᠭᠤ ᠪᠠᠷ 800 ᠺᠢᠯᠣᠭ᠍ᠷᠠᠮ ᠮᠦᠸᠧ | ᠯᠠᠢ ᠱᠢ ᠴᠢᠯᠠᠭᠤ ᠦᠢᠯᠡᠳᠪᠦᠷᠢᠯᠡᠵᠦ ᠪᠣᠯᠣᠨ᠎ᠠ᠂ ᠣᠳᠣᠬᠠᠨ ᠳᠤ ᠦᠢᠯᠡᠳᠪᠦᠷᠢ ᠠᠴᠠ ᠡᠳᠦᠷ ᠲᠤ 40 ᠲᠣᠨ ᠮᠦᠸᠧ ᠯᠠᠢ ᠱᠢ ᠴᠢᠯᠠᠭᠤ ᠦᠢᠯᠡᠳᠪᠦᠷᠢᠯᠡᠵᠦ ᠪᠠᠶᠢᠨ᠎ᠠ᠃ | | | | | | | | | ᠵᠡᠭᠦᠨᠭᠠᠷ ᠬᠤᠰᠢᠭᠤᠨ ᠤ ᠪᠢᠴᠢᠯ ᠲᠠᠯᠠᠰᠲᠤ ᠱᠠᠭᠠᠵᠠᠩ ᠪᠥᠮᠪᠦᠭᠡ ᠶᠢᠨ ᠬᠦᠷᠢᠶᠡᠨ ᠤ ᠡᠭᠦᠳᠦᠨ ᠨᠡᠭᠡᠭᠡᠭᠴᠢ ᠪᠣᠯᠤᠭᠰᠠᠨ ᠤ ᠬᠤᠪᠢ ᠳᠤ ᠂ ᠢᠦᠢ ᠬᠤᠸᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠮᠠᠲ᠋ᠧᠷᠢᠶᠠᠯ ᠤᠨ ᠺᠤᠮᠫᠠᠨᠢ ᠶᠢᠨ ᠬᠢᠨ ᠤᠷᠢᠳ ᠬᠤᠵᠢᠳ M45 ᠂ M50 ᠂ M60 ᠂ M70 ᠮᠦᠸᠧ ᠯᠠᠢ ᠱᠢ | ᠴᠢᠯᠠᠭᠤ ᠶᠢ ᠦᠢᠯᠡᠳᠪᠦᠷᠢᠯᠡᠬᠦ ᠶᠢᠨ ᠬᠠᠮᠲᠤ ᠭᠠᠳᠠᠭᠠᠳᠤ ᠠᠴᠠ ᠣᠷᠣᠭᠤᠯᠤᠬᠰᠠᠨ ᠳᠡᠭᠡᠳᠦ ᠲᠡᠰ ᠤᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠂ ᠣᠶᠤᠨᠴᠢ | ᠮᠠᠰᠢᠨ ᠬᠥᠮᠥᠨ ᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ ᠂ ᠦᠢᠯᠡᠳᠪᠦᠷᠢᠯᠡᠯ ᠤᠨ ᠠᠦ᠋ᠲ᠋ᠣᠴᠢᠯᠠᠬᠰᠠᠨ ᠥᠨᠳᠥᠷ ᠦᠷ᠎ᠡ ᠪᠦᠲᠦᠮᠵᠢᠲᠡᠢ ᠦᠢᠯᠡᠳᠪᠦᠷᠢᠯᠡᠯ ᠤᠨ | ᠵᠠᠭᠪᠤᠷ ᠢ ᠪᠡᠶᠡᠯᠡᠭᠦᠯᠵᠡᠢ ᠃ ᠣᠶᠢᠯᠠᠭᠠᠭᠰᠠᠨ ᠢᠶᠠᠷ ᠂ ᠢᠦᠢ ᠬᠤᠸᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠠ ᠮᠠᠲ᠋ᠧᠷᠢᠶᠠᠯ ᠤᠨ ᠺᠤᠮᠫᠠᠨᠢ ᠪᠣᠯ ᠪᠢᠴᠢᠯ ᠲᠠᠯᠠᠰᠲᠤ | ᠪᠥᠮᠪᠦᠭᠡ ᠂ ᠮᠦᠸᠧ ᠯᠠᠢ ᠱᠢ ᠴᠢᠯᠠᠭᠤ ᠂ ᠬᠤᠶᠢᠷᠭᠤ ᠴᠢᠭ᠍ᠵᠢᠶᠠᠰᠤᠨ ᠪᠥᠮᠪᠦᠭᠡ ᠵᠢᠴᠢ ᠳᠡᠭᠡᠳᠦ ᠲᠠᠰ ᠤᠨ ᠭᠠᠯ ᠳᠤ ᠳᠠᠭᠠᠭᠠᠮᠠᠭᠠᠢ ᠮᠠᠲ᠋ᠧᠷᠢᠶᠠᠯ ᠢ ᠰᠤᠳᠤᠯᠤᠨ ᠨᠡᠭᠡᠭᠡᠬᠦ ᠂ | ᠦᠶᠯᠡᠳᠪᠤᠷᠢᠯᠡᠬᠦ ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠪᠣᠯᠣᠨ᠎ᠠ ᠃ ᠢᠦᠢ ᠬᠤᠸᠠ ᠪᠢᠴᠢᠯ ᠲᠠᠯᠠᠰᠲᠤ ᠪᠥᠮᠪᠦᠭᠡ ᠶᠢᠨ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 4500 ᠲᠣᠨ ᠳᠤ | ᠬᠦᠷᠴᠦ ᠂ ᠮᠦᠸᠧ ᠯᠠᠢ ᠱᠢ ᠴᠢᠯᠠᠭᠤᠨ ᠤ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 18000 ᠲᠣᠨ ᠳᠤ ᠬᠦᠷᠤᠨ᠎ᠠ᠃ ᠵᠢᠯ ᠪᠦᠷᠢ 9000 ᠲᠣᠨ ᠨᠤᠨᠳᠠᠭ | ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠤᠯᠠᠷᠢᠭᠤᠯᠤᠨ ᠬᠤᠪᠢᠷᠠᠭᠤᠯᠵᠤ ᠂ ᠨᠢᠭᠡ ᠵᠢᠯ ᠳᠤ ᠰᠢᠭᠤᠳ ᠦᠢᠯᠡᠳᠪᠦᠷᠢᠯᠡᠯ ᠤᠨ ᠥᠪᠡᠷ ᠤᠨ ᠥᠷᠲᠡᠭ ᠢ 117 | ᠲᠦᠮᠡᠨ ᠲᠥᠭᠦᠷᠢᠭ ᠠᠷᠪᠢᠯᠠᠵᠤ ᠴᠢᠳᠠᠨ᠎ᠠ ᠃ | | | | | ᠣᠷᠳᠣᠰ ᠬᠤᠳᠠ ᠶᠢᠨ ᠸᠠᠩ ᠳ᠋ᠣᠣ ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠭᠤᠤ ᠶᠤᠸᠠᠨ ᠬᠦᠢᠯᠡᠰᠦᠨ ᠴᠥᠮ᠎ᠡ ᠶᠢᠨ | ᠤᠮᠳᠠᠭᠠᠨ ᠤ ᠬᠢᠵᠠᠭᠠᠷᠲᠤ ᠺᠣᠮᠫᠠᠨᠢ ᠵᠡᠷᠭᠡ ᠨᠢ ᠴᠦ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠦᠭᠵᠢᠶᠡᠨ ᠲᠠᠢ ᠤᠯᠠᠷᠢᠯ ᠢ ᠤᠭᠲᠤᠨ ᠠᠪᠴᠢᠷᠠᠵᠤ ᠂ ᠬᠤᠶᠢᠨ᠎ᠠ | ᠬᠤᠶᠢᠨ᠎ᠠ ᠠᠴᠠ ᠪᠠᠨ ᠠᠵᠢᠯ ᠢᠶᠠᠨ ᠰᠡᠷᠭᠦᠭᠡᠨ ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠵᠠᠬᠢᠶᠠᠯᠠᠭ᠎ᠠ ᠶᠢᠨ ᠬᠠᠭᠤᠳᠠᠰᠤ ᠶᠢᠨ ᠵᠤᠶᠢᠯᠡᠰ ᠢ ᠱᠠᠯᠠᠪᠳᠠᠨ | ᠦᠢᠯᠡᠳᠪᠤᠷᠢᠯᠠᠵᠤ ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠦᠭᠵᠢᠶᠡᠨ ᠲᠠᠢ ᠤᠯᠠᠷᠢᠯ ᠢ ᠤᠭᠲᠤᠨ ᠠᠵᠢᠯᠯᠠᠵᠠᠭᠠᠨ᠎ᠠ᠃ | | | | | ᠴᠠᠭᠠᠨ ᠰᠠᠷ᠎ᠠ ᠶᠢᠨ ᠬᠤᠭᠤᠴᠠᠭᠠᠨ ᠳᠤ ᠂ ᠸᠠᠩ ᠳ᠋ᠣᠣ ᠠᠷᠢᠬᠢᠨ ᠤ ᠦᠢᠯᠡᠰ ᠤᠨ ᠺᠤᠮᠫᠠᠨᠢ ᠶᠢᠨ ᠦᠢᠯᠡᠳᠪᠦᠷᠢᠯᠡᠭᠰᠡᠨ ᠴᠤᠯ ᠠᠮᠤ ᠪᠤᠳᠠᠭᠠᠨ ᠤ ᠨᠡᠷᠡᠮᠡᠯ ᠤᠨ | ᠬᠠᠷ᠎ᠠ ᠠᠷᠢᠬᠢ ᠶᠢ ᠬᠤᠳᠠᠯᠳᠤᠨ ᠳᠠᠭᠤᠰᠬᠠᠵᠠᠢ᠂ ᠬᠥᠮᠥᠷᠭᠡ ᠶᠢᠨ ᠬᠠᠳᠠᠭᠠᠯᠠᠮᠵᠢ ᠶᠢ ᠴᠠᠭ ᠲᠤᠬᠠᠢ ᠳᠤᠨᠢ ᠨᠥᠬᠦᠪᠦᠷᠢᠯᠡᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ | ᠪᠠᠲᠤᠯᠠᠬᠤ ᠶᠢᠨ ᠲᠥᠯᠥᠭᠡ᠂ ᠲᠡᠳᠡ ᠠᠯᠢ ᠡᠷᠲᠡ ᠪᠦᠬᠦ ᠱᠤᠭᠤᠮ ᠢᠶᠠᠷ ᠢᠶᠠᠨ ᠠᠵᠢᠯ ᠢᠶᠠᠨ ᠰᠡᠷᠭᠦᠭᠡᠭᠰᠡᠨ ᠪᠠᠶᠢᠨ᠎ᠠ᠃ | | | | | ᠸᠠᠩ ᠳ᠋ᠣᠣ ᠠᠷᠢᠬᠢᠨ ᠤ ᠦᠢᠯᠡᠰ ᠤᠨ ᠺᠤᠮᠫᠠᠨᠢ ᠶᠢᠨ ᠰᠠᠪᠠᠯᠠᠬᠤ ᠲᠠᠰᠤᠭ ᠲᠤ ᠣᠷᠣᠬᠤ ᠳᠤ ᠂ ᠪᠦᠷᠢᠨ ᠠᠦ᠋ᠲ᠋ᠣᠴᠢᠯᠠᠭᠰᠠᠨ ᠪᠣᠭᠤᠳᠠᠯᠯᠠᠬᠤ ᠦᠢᠯᠡᠳᠪᠦᠷᠢᠯᠡᠯ ᠤᠨ | ᠱᠤᠭᠤᠮ ᠪᠦᠬᠦ ᠬᠤᠷᠳᠤᠴᠠ ᠪᠠᠷ ᠠᠵᠢᠯᠯᠠᠵᠤ ᠂ 30 ᠭᠠᠷᠤᠢ ᠠᠵᠢᠯᠴᠢᠨ ᠴᠤᠪᠤᠷᠠᠯ ᠤᠨ ᠱᠤᠭᠤᠮ ᠳᠡᠭᠡᠷ᠎ᠡ ᠡᠮᠬᠢ ᠳᠢᠭᠯᠢᠮ ᠲᠠᠢ ᠪᠠᠷ ᠶᠠᠭᠠᠷᠠᠯᠳᠤᠵᠤ ᠪᠠᠶᠢᠯ᠎ᠠ᠃ | ᠰᠠᠶ᠋ᠢᠬᠠᠨ ᠦᠢᠯᠡᠳᠪᠦᠷᠢᠯᠡᠵᠦ ᠭᠠᠷᠭᠠᠭᠰᠠᠨ ᠬᠠᠷ᠎ᠠ ᠠᠷᠢᠬᠢ ᠤᠳᠠᠯ ᠦᠭᠡᠢ ᠣᠷᠳᠣᠰ ᠂ ᠬᠥᠬᠡᠬᠤᠲᠠ᠂ ᠪᠤᠭᠤᠲᠤ ᠂ ᠭᠠᠨᠰᠤ ᠵᠡᠷᠭᠡ ᠭᠠᠵᠠᠷ ᠤᠳ ᠤᠨ ᠵᠠᠬ᠎ᠠ | ᠳᠡᠯᠭᠡᠭᠦᠷ ᠲᠤ ᠭᠠᠷᠬᠤ ᠪᠤᠯᠤᠨ᠎ᠠ᠃ ︽ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠳᠤ ᠂ ᠪᠢᠳᠡ ᠪᠦᠬᠦ ᠱᠤᠭᠤᠮ ᠢᠶᠠᠷ ᠢᠶᠠᠨ ᠦᠢᠯᠡᠳᠪᠦᠷᠢᠯᠡᠯ ᠢᠶᠠᠨ ᠰᠡᠷᠭᠦᠭᠡᠵᠦ ᠂ ᠡᠳᠦᠷ | ᠪᠦᠷᠢ 1800 ᠬᠠᠶᠢᠷᠴᠠᠭ ᠬᠠᠷ᠎ᠠ ᠠᠷᠢᠬᠢ ᠦᠢᠯᠡᠳᠪᠦᠷᠢᠯᠡᠨ᠂ 800 ᠭᠡᠰᠡᠭ ᠪᠠᠷᠠᠭ᠎ᠠ ᠶᠠᠪᠤᠭᠤᠯᠵᠤ ᠂ ᠨᠢᠭᠡ ᠡᠳᠦᠷ ᠤᠨ ᠪᠣᠷᠤᠯᠠᠭᠤᠯᠭ᠎ᠠ ᠶᠢᠨ ᠬᠡᠮᠵᠢᠶ᠎ᠡ 20 | ᠲᠦᠮᠡᠨ ᠲᠥᠭᠦᠷᠢᠭ ᠲᠤ ᠬᠦᠷᠴᠦ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 30% ᠣᠷᠴᠢᠮ ᠨᠡᠮᠡᠭᠳᠡᠪᠡ᠂ ᠳᠠᠷᠠᠭᠠᠴᠢ ᠶᠢᠨ ᠠᠯᠬᠤᠮ ᠳᠤ ᠂ ᠪᠢᠳᠡ ᠪᠦᠬᠦ | ᠬᠦᠴᠦᠨ ᠢᠶᠠᠷ ᠢᠶᠠᠨ ᠦᠢᠯᠡᠳᠪᠦᠷᠢᠯᠡᠯ ᠡᠵᠡᠩᠨᠡᠯᠲᠡ ᠳᠤ ᠣᠷᠣᠯᠴᠠᠨ ᠂ ᠵᠢᠯ ᠤᠨ ᠡᠬᠢᠨ ᠤ ᠪᠣᠷᠤᠯᠠᠭᠤᠯᠭ᠎ᠠ ᠶᠢᠨ ᠬᠠᠷᠠᠯᠲᠠ ᠪᠠᠨ ᠪᠡᠶᠡᠯᠡᠭᠦᠯᠬᠦ ᠪᠠᠷ ᠴᠢᠷᠮᠠᠶᠢᠵᠤ ᠂ | ᠨᠢᠭᠡᠳᠦᠭᠡᠷ ᠤᠯᠠᠷᠢᠯ ᠤᠨ ᠰᠠᠶᠢᠨ ᠡᠬᠢᠯᠡᠯᠲᠡ ᠶᠢ ᠪᠡᠶᠡᠯᠡᠬᠦᠯᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ᠎ᠠ︾ ᠭᠡᠮᠡᠨ ᠣᠷᠳᠣᠰ ᠬᠤᠲᠠ ᠶᠢᠨ ᠸᠠᠩ ᠳ᠋ᠣᠣ ᠠᠷᠢᠬᠢᠨ ᠤ | ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠵᠥᠩ ᠸᠧᠢ ᠶᠠᠷᠢᠨ᠎ᠠ ᠃ | | | | | | | | ᠬᠦᠭᠵᠢᠨ ᠪᠠᠳᠠᠷᠠᠬᠤ ᠪᠠᠶᠢᠳᠠᠯ ᠢᠯᠡᠷᠡᠨ ᠂ ᠬᠤᠷᠳᠤᠴᠠ ᠪᠠᠨ ᠲᠦᠷᠭᠡᠳᠬᠡᠵᠦ ᠰᠠᠶᠢᠨ ᠡᠬᠢᠯᠡᠯᠲᠡ ᠶᠢ ᠪᠤᠢ ᠪᠤᠯᠭᠠᠬᠤ ᠪᠠᠷ ᠴᠢᠷᠮᠠᠶᠢᠵᠠᠭᠠᠨ᠎ᠠ᠃ ᠣᠳᠣᠬᠠᠨ ᠳᠤ ᠂ | ᠵᠡᠭᠦᠨᠭᠠᠷ ᠬᠤᠰᠢᠭᠤᠨ ᠤ ᠡᠯ᠎ᠡ ᠦᠢᠯᠡᠳᠪᠦᠷᠢᠯᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠵᠡᠷᠭᠡᠪᠡᠷ ᠬᠥᠭᠵᠢᠵᠦ ᠂ ᠵᠠᠬᠢᠶᠠᠯᠠᠭ᠎ᠠ ᠶᠢᠨ ᠬᠠᠭᠤᠳᠠᠰᠤ | ᠲᠠᠰᠤᠷᠠᠯᠳᠡ ᠦᠭᠡᠢ ᠨᠡᠮᠡᠭᠳᠡᠨ ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠵᠠᠯᠭᠠᠪᠡᠷ ᠠᠵᠢᠯ ᠢᠶᠠᠨ ᠰᠡᠷᠭᠦᠭᠡᠵᠦ ᠂ ᠪᠦᠬᠦ ᠬᠦᠴᠦᠨ ᠢᠶᠠᠷ ᠢᠶᠠᠨ ᠠᠬᠢᠴᠠ ᠶᠢ | ᠲᠦᠷᠭᠡᠳᠬᠡᠨ ᠂ ᠠᠵᠢᠯ ᠤᠨ ᠬᠤᠭᠤᠴᠠᠭ᠎ᠠ ᠶᠢ ᠪᠠᠲᠤᠯᠠᠵᠤ ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠪᠠᠶᠢᠳᠠᠯ ᠪᠣᠯᠣᠨ ᠴᠠᠭ ᠪᠢᠳᠡᠨ ᠢ | ᠬᠦᠯᠢᠶᠡᠬᠦ ᠦᠭᠡᠢ ᠬᠠᠷᠢᠭᠤᠴᠠᠯᠭᠠᠲᠤ ᠤᠬᠠᠮᠰᠠᠷ ᠢᠶᠠᠷ ᠲᠦᠷᠭᠡᠨ ᠤᠷᠤᠭᠰᠢᠯᠠᠵᠤ ᠂ ᠠᠩᠬᠠᠨ ᠤ ᠤᠯᠠᠷᠢᠯ ᠤᠨ︽ ᠰᠠᠶᠢᠨ ᠡᠬᠢᠯᠡᠯᠲᠡ ᠶᠢᠨ ᠠᠮᠵᠢᠯᠲᠠ︾ ᠶᠢ ᠲᠡᠮᠡᠴᠡᠨ | ᠤᠯᠬᠤ ᠪᠠᠷ ᠡᠷᠡᠮᠡᠭᠡᠶᠢᠯᠡᠨ ᠠᠵᠢᠯᠯᠠᠵᠠᠭᠠᠨ᠎ᠠ ᠃ | | | | |