| | | | ᠢ ᠲᠠᠢ ᠶᠢᠨ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠨᠢᠭᠡᠳᠤᠭᠡᠷ ᠬᠤᠭᠤᠴᠠᠭᠠᠨ ᠤ ᠵᠢᠯ ᠳᠤ 16 ᠳᠦᠮᠡᠨ | ᠳᠤᠨ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ ᠳᠦᠷᠤᠯ ᠵᠤᠶᠢᠯ ᠃ ᠢ ᠲᠠᠢ ᠶᠢᠨ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ ᠬᠢᠵᠠᠭᠠᠷᠳᠤ ᠬᠠᠷᠢᠭᠤᠴᠠᠯᠭᠠᠳᠤ | ᠺᠤᠮᠫᠠᠨᠢ 2006 ᠤᠨ ᠤ 3 ᠰᠠᠷ᠎ᠠ ᠳᠤ ᠪᠠᠶᠢᠭᠤᠯᠤᠬᠳᠠᠨ ᠂ ᠳᠠᠩᠰᠠᠯᠠᠭᠤᠯᠤᠬᠰᠠᠨ ᠪᠡᠯᠡ ᠮᠦᠩᠬᠦ ᠨᠢ 23.53 ᠳ᠋ᠦᠩᠰᠢᠭᠤᠷ ᠳᠦᠬᠦᠷᠢᠭ ᠪᠤᠢ ᠃ ᠨᠢᠭᠡᠳᠤᠭᠡᠷ | ᠬᠤᠭᠤᠴᠠᠭᠠᠨ ᠤ ᠵᠢᠯ ᠳᠤ 16 ᠳᠦᠮᠡᠨ ᠳᠤᠨ ᠨᠡᠬᠦᠷᠡᠰᠤ ᠪᠠᠷ ᠳᠤᠰᠤ ᠤᠶᠢᠯᠡᠳᠪᠤᠷᠢᠯᠡᠬᠦ ᠠᠵᠤ ᠤᠶᠢᠯᠡᠳᠪᠤᠷᠢᠵᠢᠯᠳᠡ ᠶᠢᠨ ᠳᠠᠭᠤᠷᠢᠶᠠᠯ ᠦᠵᠡᠬᠦᠯᠬᠦ ᠳᠦᠷᠤᠯ | ᠵᠤᠶᠢᠯ ᠪᠤᠯ ᠮᠠᠨ ᠤ ᠤᠯᠤᠰ ᠤᠨ ᠨᠡᠬᠦᠷᠡᠰᠤ ᠶᠢ ᠳᠠᠮ ᠢᠶᠠᠷ ᠰᠢᠩᠭᠡᠨᠵᠢᠬᠦᠯᠬᠦ ᠪᠦᠷᠢᠮᠤᠰᠤᠨ ᠪᠡᠶ᠎ᠡ ᠪᠠᠨ ᠳᠠᠭᠠᠭᠠᠬᠰᠠᠨ ᠮᠡᠷᠭᠡᠵᠢᠯ ᠤᠨ ᠠᠵᠤ ᠤᠶᠢᠯᠡᠰᠵᠢᠯᠳᠡ ᠶᠢᠨ | ᠨᠢᠭᠡᠳᠤᠭᠡᠷ ᠤᠶᠢᠯᠡᠳᠪᠤᠷᠢᠯᠡᠯ ᠤᠨ ᠱᠤᠭᠤᠮ ᠪᠠᠶᠢᠵᠤ ᠂ ᠶᠡᠷᠦᠩᠭᠡᠢ ᠪᠡᠯᠡ ᠤᠷᠤᠭᠤᠯᠤᠯᠳᠠ ᠨᠢ 37.7 ᠳ᠋ᠦᠩᠰᠢᠭᠤᠷ ᠳᠦᠬᠦᠷᠢᠭ ᠪᠠᠶᠢᠵᠤ ᠂ ᠳᠦᠷᠤᠯ ᠵᠤᠶᠢᠯ ᠨᠢ | 2005 ᠤᠨ ᠤ 12 ᠰᠠᠷ᠎ᠠ ᠶᠢᠨ 8 ᠤ ᠡᠳᠤᠷ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ | ᠵᠦᠪᠰᠢᠶᠡᠷᠡᠵᠤ ᠂ 2006 ᠤᠨ ᠤ 5 ᠰᠠᠷ᠎ᠠ ᠳᠤ ᠪᠠᠷᠢᠯᠭ᠎ᠠ ᠡᠬᠢᠯᠡᠬᠦᠯᠤᠨ ᠪᠦᠳᠤᠭᠡᠨ ᠪᠠᠶᠢᠭᠤᠯᠵᠤ ᠂ 2009 ᠤᠨ ᠤ 3 ᠰᠠᠷ᠎ᠠ ᠶᠢᠨ 27 ᠤ ᠡᠳᠤᠷ ᠮᠠᠨ ᠤ | ᠤᠯᠤᠰ ᠤᠨ ᠨᠡᠬᠦᠷᠡᠰᠤ ᠶᠢ ᠳᠠᠮ ᠢᠶᠠᠷ ᠰᠢᠩᠭᠡᠨᠵᠢᠬᠦᠯᠬᠦ ᠠᠵᠤ ᠤᠶᠢᠯᠡᠳᠪᠤᠷᠢᠵᠢᠯᠳᠡ ᠶᠢᠨ ᠠᠩᠬᠠᠨ ᠤ ᠳᠦᠩᠰᠡ ᠬᠢᠷᠢ ᠳᠡᠩᠴᠡᠭᠰᠡᠨ ᠳᠤᠰᠤ ᠶᠢ ᠤᠶᠢᠯᠡᠳᠪᠤᠷᠢᠯᠡᠵᠤ | ᠭᠠᠷᠭᠠᠵᠠᠢ ᠃ ᠤᠶᠢᠯᠡᠳᠪᠤᠷᠢᠯᠡᠯ ᠨᠢ ᠭᠤᠤᠯᠳᠠᠭᠤ ᠨᠡᠬᠦᠷᠡᠰᠤ ᠶᠢ ᠰᠢᠳᠠᠮᠠᠬᠠᠢ ᠭᠡᠢ ᠪᠤᠯᠭᠠᠬᠤ ᠂ ᠨᠡᠶᠢᠯᠡᠭ ᠭᠡᠢ ᠶᠢ ᠴᠡᠪᠡᠷᠰᠢᠬᠦᠯᠬᠦ ᠂ ᠳᠤᠰᠤ ᠪᠤᠯᠪᠠᠰᠤᠷᠠᠭᠤᠯᠬᠤ | ᠵᠡᠷᠭᠡ ᠶᠢ ᠪᠠᠭᠳᠠᠭᠠᠵᠤ ᠪᠤᠢ ᠃ ᠳᠤᠰ ᠳᠦᠷᠤᠯ ᠵᠤᠶᠢᠯ ᠨᠢ 2018 ᠤᠨ ᠳᠤ 61.91 ᠳᠦᠮᠡᠨ ᠳᠤᠨ ᠨᠡᠬᠦᠷᠡᠰᠤ ᠂ 11.63 ᠳᠦᠮᠡᠨ ᠳᠤᠨ ᠳᠦᠯᠡᠰᠢᠨ | ᠨᠡᠬᠦᠷᠡᠰᠤ ᠂ 2.4 ᠳ᠋ᠦᠩᠰᠢᠭᠤᠷ ᠭᠷᠠᠳᠦ᠋ᠰ ᠴᠠᠬᠢᠯᠭᠠᠨ ᠂ 367.5 ᠳᠦᠮᠡᠨ ᠳᠤᠨ ᠤᠰᠤ ᠭᠡᠷᠡᠭᠰᠡᠨ ᠂ ᠡᠬᠦᠨ ᠳᠤ 271.57 ᠳᠦᠮᠡᠨ ᠳᠤᠨ ᠰᠢᠨ᠎ᠠ ᠤᠰᠤ | ᠭᠡᠷᠡᠭᠯᠡᠭᠰᠡᠨ ᠪᠠᠶᠢᠨ᠎ᠠ ᠃ 2018 ᠤᠨ ᠳᠤ 8.78 ᠳ᠋ᠦᠩᠰᠢᠭᠤᠷ ᠳᠦᠬᠦᠷᠢᠭ ᠤᠨ ᠤᠶᠢᠯᠡᠳᠬᠦᠨ ᠤ ᠦᠷᠳᠡᠭ ᠢ ᠪᠡᠶᠡᠯᠡᠬᠦᠯᠵᠤ ᠂ 0.33 ᠳ᠋ᠦᠩᠰᠢᠭᠤᠷ | ᠳᠦᠬᠦᠷᠢᠭ ᠤᠨ ᠠᠰᠢᠭ ᠬᠤᠨᠵᠢᠪᠤᠷᠢ ᠶᠢ ᠪᠡᠶᠡᠯᠡᠬᠦᠯᠤᠨ ᠂ ᠳᠡᠭᠡᠭᠰᠢ ᠪᠠᠨ 0.48 ᠳ᠋ᠦᠩᠰᠢᠭᠤᠷ ᠳᠦᠬᠦᠷᠢᠭ ᠤᠨ ᠭᠠᠶᠢᠯᠢ ᠳᠤᠰᠢᠶᠠᠪᠠ ᠃ | |