| | | | ᠵᠢᠤ ᠲᠠᠢ ᠡᠨᠧᠷᠬᠢ ᠶᠢᠨ ᠦᠪᠤᠷ ᠮᠤᠩᠭᠤᠯ ᠤᠨ ᠬᠢᠵᠠᠭᠠᠷᠳᠤ ᠺᠤᠮᠫᠠᠨᠢ ᠶᠢᠨ ᠨᠢᠭᠡᠳᠤᠭᠡᠷ ᠬᠤᠭᠤᠴᠠᠭᠠᠨ ᠤ ᠵᠢᠯ ᠳᠤ 100 ᠳᠦᠮᠡᠨ ᠳᠤᠨ ᠤ ᠮᠧᠲ᠋ᠢᠯ | ᠠᠯᠺᠤᠤᠯ 10 ᠳᠦᠮᠡᠨ ᠳᠤᠨ ᠤ ᠬᠤᠶᠠᠷ ᠮᠧᠲ᠋ᠢᠯᠳᠤ ᠡᠲ᠋ᠧᠷ ᠤᠶᠢᠯᠡᠳᠪᠤᠷᠢᠯᠡᠬᠦ ᠳᠦᠷᠤᠯ ᠵᠤᠶᠢᠯ ᠃ ᠵᠢᠤ ᠲᠠᠢ ᠡᠨᠧᠷᠬᠢ ᠶᠢᠨ ᠦᠪᠤᠷ ᠮᠤᠩᠭᠤᠯ ᠤᠨ ᠬᠢᠵᠠᠭᠠᠷᠳᠤ | ᠺᠤᠮᠫᠠᠨᠢ ᠪᠤᠯ ᠱᠠᠨᠳᠦ᠋ᠩ ᠤᠨ ᠵᠢᠤ ᠲᠠᠢ ᠪᠦᠯᠦᠭᠯᠡᠯ ᠤᠨ ᠪᠦᠷᠢᠨ ᠪᠡᠯᠡ ᠤᠷᠤᠭᠤᠯᠤᠬᠰᠠᠨ ᠬᠤᠪᠢᠶᠠᠷᠢ ᠺᠤᠮᠫᠠᠨᠢ ᠪᠠᠶᠢᠵᠤ ᠂ ᠡᠵᠡᠯᠡᠬᠦ ᠭᠠᠵᠠᠷ ᠨᠢ 1100 ᠮᠤ᠋ ᠪᠤᠢ ᠂ | 2003 ᠤᠨ ᠤ 12 ᠰᠠᠷ᠎ᠠ ᠳᠤ ᠪᠠᠶᠢᠭᠤᠯᠤᠬᠳᠠᠨ ᠂ ᠤᠷᠳᠤᠰ ᠬᠤᠳᠠ ᠶᠢᠨ ︽ ᠬᠤᠤᠰ ᠵᠠᠭᠤᠨ ᠳ᠋ᠦᠩᠰᠢᠭᠤᠷ ᠤᠨ ᠢᠨᠵᠧᠨ᠋ᠷᠢᠩ ︾ ᠤᠨ ᠭᠤᠤᠯᠳᠠᠯᠭ᠎ᠠ ᠲᠠᠢ | ᠪᠤᠶᠢᠵᠢᠭᠤᠯᠬᠤ ᠠᠵᠤ ᠠᠬᠤᠶᠢᠯᠠᠯ ᠪᠤᠯᠤᠨ᠎ᠠ ᠂ 2013 — 2015 ᠤᠨ ᠳᠤ ᠵᠠᠯᠭᠠᠪᠠᠷ ᠭᠤᠷᠪᠠᠨ ᠵᠢᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠭᠡᠭ ᠤᠨ ᠡᠮᠤᠨ᠎ᠠ 50 ᠨᠡᠷ᠎ᠠ ᠳᠤ ᠤᠷᠤᠬᠰᠠᠨ ᠪᠠᠶᠢᠨ᠎ᠠ ᠃ ᠨᠢᠭᠡᠳᠤᠭᠡᠷ ᠬᠤᠭᠤᠴᠠᠭᠠᠨ ᠤ ᠵᠢᠯ | ᠳᠤ 100 ᠳᠦᠮᠡᠨ ᠳᠤᠨ ᠤ ᠮᠧᠲ᠋ᠢᠯ ᠠᠯᠺᠤᠤᠯ 10 ᠳᠦᠮᠡᠨ ᠳᠤᠨ ᠤ ᠬᠤᠶᠠᠷ ᠮᠧᠲ᠋ᠢᠯᠳᠤ ᠡᠲ᠋ᠧᠷ ᠤᠶᠢᠯᠡᠳᠪᠤᠷᠢᠯᠡᠬᠦ ᠳᠦᠷᠤᠯ ᠵᠤᠶᠢᠯ ᠤᠨ ᠶᠡᠷᠦᠩᠭᠡᠢ ᠪᠡᠯᠡ | ᠤᠷᠤᠭᠤᠯᠤᠯᠳᠠ ᠨᠢ 52 ᠳ᠋ᠦᠩᠰᠢᠭᠤᠷ ᠳᠦᠬᠦᠷᠢᠭ ᠪᠠᠶᠢᠵᠤ ᠂ 2007 ᠤᠨ ᠤ 8 ᠰᠠᠷ᠎ᠠ ᠶᠢᠨ 6 ᠤ ᠡᠳᠤᠷ ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠳᠤ ᠳᠠᠩᠰᠠᠯᠠᠭᠤᠯᠵᠤ ᠂ 2007 ᠤᠨ ᠤ 8 ᠰᠠᠷ᠎ᠠ ᠳᠤ ᠪᠠᠷᠢᠯᠭ᠎ᠠ ᠡᠬᠢᠯᠡᠬᠦᠯᠤᠨ ᠪᠦᠳᠤᠭᠡᠨ | ᠪᠠᠶᠢᠭᠤᠯᠵᠤ ᠂ 2010 ᠤᠨ ᠤ 10 ᠰᠠᠷ᠎ᠠ ᠳᠤ ᠪᠠᠶᠢᠭᠤᠯᠤᠬᠳᠠᠵᠤ ᠠᠰᠢᠬᠯᠠᠯᠳᠠ ᠳᠤ ᠤᠷᠤᠪᠠ ᠃ ᠵᠢᠤ ᠲᠠᠢ ᠶᠢᠨ 100 ᠳᠦᠮᠡᠨ ᠳᠤᠨ ᠤ ᠮᠧᠲ᠋ᠢᠯ ᠠᠯᠺᠤᠤᠯ | ᠤᠶᠢᠯᠡᠳᠪᠤᠷᠢᠯᠡᠬᠦ ᠳᠦᠷᠤᠯ ᠵᠤᠶᠢᠯ ᠨᠢ 2018 ᠤᠨ ᠳᠤ 181.5 ᠳᠦᠮᠡᠨ ᠳᠤᠨ ᠨᠡᠬᠦᠷᠡᠰᠤ ᠂ 49.8 ᠳᠦᠮᠡᠨ ᠳᠤᠨ ᠳᠦᠯᠡᠰᠢᠨ ᠨᠡᠬᠦᠷᠡᠰᠤ ᠂ 3.3 | ᠳ᠋ᠦᠩᠰᠢᠭᠤᠷ ᠭᠷᠠᠳᠦ᠋ᠰ ᠴᠠᠬᠢᠯᠭᠠᠨ ᠂ 431 ᠳᠦᠮᠡᠨ ᠳᠤᠨ ᠰᠢᠨ᠎ᠠ ᠤᠰᠤ ᠵᠠᠷᠤᠬᠰᠠᠨ ᠪᠠᠶᠢᠨ᠎ᠠ ᠃ 2018 ᠤᠨ ᠳᠤ 24.07 ᠳ᠋ᠦᠩᠰᠢᠭᠤᠷ ᠳᠦᠬᠦᠷᠢᠭ ᠤᠨ | ᠤᠶᠢᠯᠡᠳᠬᠦᠨ ᠤ ᠦᠷᠳᠡᠭ ᠂ 3.65 ᠳ᠋ᠦᠩᠰᠢᠭᠤᠷ ᠳᠦᠬᠦᠷᠢᠭ ᠤᠨ ᠠᠰᠢᠭ ᠬᠤᠨᠵᠢᠪᠤᠷᠢ ᠶᠢ ᠪᠡᠶᠡᠯᠡᠬᠦᠯᠵᠤ ᠂ ᠳᠡᠭᠡᠭᠰᠢ ᠪᠠᠨ 3.7 ᠳ᠋ᠦᠩᠰᠢᠭᠤᠷ ᠳᠦᠬᠦᠷᠢᠭ ᠤᠨ | ᠭᠠᠶᠢᠯᠢ ᠳᠤᠰᠢᠶᠠᠪᠠ ᠃ 2019 ᠤᠨ ᠤ 1 — 5 ᠰᠠᠷ᠎ᠠ ᠳᠤ 75.2 ᠳᠦᠮᠡᠨ ᠳᠤᠨ ᠨᠡᠬᠦᠷᠡᠰᠤ ᠂ 16.79 ᠳᠦᠮᠡᠨ ᠳᠤᠨ ᠳᠦᠯᠡᠰᠢᠨ ᠨᠡᠬᠦᠷᠡᠰᠤ ᠂ 1.2 | ᠭᠷᠠᠳᠦ᠋ᠰ ᠴᠠᠬᠢᠯᠭᠠᠨ ᠂ 164.06 ᠳᠦᠮᠡᠨ ᠳᠤᠨ ᠰᠢᠨ᠎ᠠ ᠤᠰᠤ ᠭᠡᠷᠡᠭᠰᠡᠵᠡᠢ ᠃ 2019 ᠤᠨ ᠤ 1 — 5 ᠰᠠᠷ᠎ᠠ ᠳᠤ 8 ᠳ᠋ᠦᠩᠰᠢᠭᠤᠷ ᠳᠦᠬᠦᠷᠢᠭ ᠤᠨ | ᠤᠶᠢᠯᠡᠳᠬᠦᠨ ᠤ ᠦᠷᠳᠡᠭ ᠂ 0.5 ᠳ᠋ᠦᠩᠰᠢᠭᠤᠷ ᠳᠦᠬᠦᠷᠢᠭ ᠤᠨ ᠠᠰᠢᠭ ᠬᠤᠨᠵᠢᠪᠤᠷᠢ ᠶᠢ ᠪᠡᠶᠡᠯᠡᠬᠦᠯᠵᠤ ᠂ ᠳᠡᠭᠡᠭᠰᠢ ᠪᠠᠨ 0.69 ᠳ᠋ᠦᠩᠰᠢᠭᠤᠷ ᠳᠦᠬᠦᠷᠢᠭ ᠤᠨ | ᠭᠠᠶᠢᠯᠢ ᠳᠤᠰᠢᠶᠠᠪᠠ ᠃ | |