| | ᠦᠪᠤᠷ ᠮᠤᠩᠭᠤᠯ ᠤᠨ ᠢ ᠳ᠋ᠦᠩ ᠵᠢᠢ ᠳ᠋ᠦᠩ ᠬᠤᠸᠠ ᠡᠨᠧᠷᠬᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠨᠢᠭᠡᠳᠤᠭᠡᠷ ᠬᠤᠭᠤᠴᠠᠭᠠᠨ ᠤ ᠵᠢᠯ ᠳᠤ | 60 ᠳᠦᠮᠡᠨ ᠳᠤᠨ ᠮᠧᠲ᠋ᠢᠯ ᠠᠯᠺᠤᠤᠯ ᠤᠶᠢᠯᠡᠳᠪᠤᠷᠢᠯᠡᠬᠦ ᠳᠦᠷᠤᠯ ᠵᠤᠶᠢᠯ ᠃ ᠳ᠋ᠦᠩ ᠬᠤᠸᠠ ᠡᠨᠧᠷᠬᠢ ᠶᠢᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ 2008 | ᠤᠨ ᠳᠤ ᠪᠠᠶᠢᠭᠤᠯᠤᠬᠳᠠᠵᠤ ᠂ ᠳᠠᠩᠰᠠᠯᠠᠭᠤᠯᠤᠬᠰᠠᠨ ᠪᠡᠯᠡ ᠮᠦᠩᠬᠦ ᠨᠢ 5 ᠳ᠋ᠦᠩᠰᠢᠭᠤᠷ ᠳᠦᠬᠦᠷᠢᠭ ᠪᠤᠢ ᠃ ᠨᠢᠭᠡᠳᠤᠭᠡᠷ ᠬᠤᠭᠤᠴᠠᠭᠠᠨ ᠤ ᠵᠢᠯ ᠳᠤ 60 | ᠳᠦᠮᠡᠨ ᠳᠤᠨ ᠮᠧᠲ᠋ᠢᠯ ᠠᠯᠺᠤᠤᠯ ᠤᠶᠢᠯᠡᠳᠪᠤᠷᠢᠯᠡᠬᠦ ᠳᠦᠷᠤᠯ ᠵᠤᠶᠢᠯ ᠤᠨ ᠶᠡᠷᠦᠩᠭᠡᠢ ᠪᠡᠯᠡ ᠤᠷᠤᠭᠤᠯᠤᠯᠳᠠ ᠨᠢ 40 ᠳ᠋ᠦᠩᠰᠢᠭᠤᠷ ᠳᠦᠬᠦᠷᠢᠭ ᠪᠠᠶᠢᠵᠤ ᠂ | 2008 ᠤᠨ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠠᠴᠠ ᠵᠦᠪᠰᠢᠶᠡᠷᠡᠵᠤ ᠂ 2010 | ᠤᠨ ᠤ 5 ᠰᠠᠷ᠎ᠠ ᠶᠢᠨ 27 ᠤ ᠡᠳᠤᠷ ᠪᠠᠷᠢᠯᠭ᠎ᠠ ᠡᠬᠢᠯᠡᠬᠦᠯᠵᠤ ᠂ 2012 ᠤᠨ ᠤ 10 ᠰᠠᠷ᠎ᠠ ᠶᠢᠨ17 ᠤ ᠡᠳᠤᠷ ᠪᠦᠬᠦ ᠤᠶᠢᠯᠡᠳᠪᠤᠷᠢᠯᠡᠯ ᠤᠨ ᠶᠠᠪᠤᠴᠠ ᠨᠢ | ᠤᠷᠤᠬᠰᠢᠳᠠᠢ ᠤᠶᠢᠯᠡᠳᠪᠤᠷᠢᠯᠡᠯ ᠢᠶᠠᠨ ᠡᠬᠢᠯᠡᠬᠦᠯᠵᠤ ᠂ ᠬᠢᠷᠢ ᠳᠡᠩᠴᠡᠭᠰᠡᠨ ᠰᠢᠯᠢᠳᠡᠭ ᠮᠧᠲ᠋ᠢᠯ ᠠᠯᠺᠤᠤᠯ ᠤᠶᠢᠯᠡᠳᠪᠤᠷᠢᠯᠡᠵᠤ ᠭᠠᠷᠭᠠᠵᠠᠢ ᠃ ᠳᠤᠰ ᠳᠦᠷᠤᠯ ᠵᠤᠶᠢᠯ | ᠨᠢ ᠭᠤᠤᠯᠳᠠᠭᠤ ᠮᠧᠲ᠋ᠢᠯ ᠠᠯᠺᠤᠤᠯ ᠤᠨ ᠡᠭᠡᠳᠡᠩ ᠢ ᠭᠡᠶᠢᠵᠢᠬᠦᠯᠬᠦ ᠂ ᠬᠤᠪᠢᠷᠠᠭᠤᠯᠬᠤ ᠮᠧᠲ᠋ᠢᠯ ᠠᠯᠺᠤᠤᠯ ᠢ ᠤᠬᠢᠶᠠᠬᠤ ᠂ ᠬᠦᠬᠦᠷ ᠢ ᠡᠭᠡᠬᠦᠯᠤᠨ ᠬᠤᠷᠢᠶᠠᠬᠤ ᠵᠡᠷᠭᠡ | ᠶᠢ ᠪᠠᠭᠳᠠᠭᠠᠳᠠᠭ ᠃ 2018 ᠤᠨ ᠳᠤ 114.85 ᠳᠦᠮᠡᠨ ᠳᠤᠨ ᠨᠡᠬᠦᠷᠡᠰᠤ ᠂ 30.96 ᠳᠦᠮᠡᠨ ᠳᠤᠨ ᠳᠦᠯᠡᠰᠢᠨ ᠨᠡᠬᠦᠷᠡᠰᠤ ᠂ 1.8 ᠳ᠋ᠦᠩᠰᠢᠭᠤᠷ | ᠭᠷᠠᠳᠦ᠋ᠰ ᠴᠠᠬᠢᠯᠭᠠᠨ ᠂ 367.4 ᠳᠦᠮᠡᠨ ᠳᠤᠨ ᠤᠰᠤ ᠭᠡᠷᠡᠭᠰᠡᠵᠤ ᠂ ᠡᠬᠦᠨ ᠳᠤ 367.4 ᠳᠦᠮᠡᠨ ᠳᠤᠨ ᠰᠢᠨ᠎ᠠ ᠤᠰᠤ ᠵᠠᠷᠤᠬᠰᠠᠨ ᠪᠠᠶᠢᠨ᠎ᠠ ᠃ 2018 ᠤᠨ | ᠳᠤ 16.26 ᠳ᠋ᠦᠩᠰᠢᠭᠤᠷ ᠳᠦᠬᠦᠷᠢᠭ ᠤᠨ ᠤᠶᠢᠯᠡᠳᠬᠦᠨ ᠤ ᠦᠷᠳᠡᠭ ᠂ 1.67 ᠳ᠋ᠦᠩᠰᠢᠭᠤᠷ ᠳᠦᠬᠦᠷᠢᠭ ᠤᠨ ᠠᠰᠢᠭ ᠬᠤᠨᠵᠢᠪᠤᠷᠢ ᠶᠢ ᠪᠡᠶᠡᠯᠡᠬᠦᠯᠵᠤ ᠂ | ᠳᠡᠭᠡᠭᠰᠢ ᠪᠠᠨ 1.84 ᠳ᠋ᠦᠩᠰᠢᠭᠤᠷ ᠳᠦᠬᠦᠷᠢᠭ ᠤᠨ ᠭᠠᠶᠢᠯᠢ ᠳᠤᠰᠢᠶᠠᠪᠠ ᠃ ᠮᠧᠲ᠋ᠢᠯ ᠠᠯᠺᠤᠤᠯ ᠤᠨ ᠴᠡᠪᠡᠷᠴᠡ ᠶᠢᠨ ᠭᠡᠮᠵᠢᠶ᠎ᠠ ᠨᠢ 99.99% ᠳᠤ ᠬᠦᠷᠴᠤ ᠂ | ᠡᠲ᠋ᠢᠯ ᠠᠯᠺᠤᠤᠯ ᠤᠨ ᠠᠭᠤᠯᠤᠬᠳᠠᠴᠠ ᠨᠢ 100ppm ᠤᠷᠴᠢᠮ ᠪᠠᠶᠢᠵᠤ ᠂ ᠤᠶᠢᠯᠡᠳᠬᠦᠨ ᠨᠢ ᠤᠯᠤᠰ ᠤᠨ ᠪᠠᠷᠢᠮᠵᠢᠶᠠᠨ ᠳᠠᠬᠢ ᠰᠢᠯᠢᠳᠡᠭ ᠳᠡᠰ ᠤᠨ | ᠪᠠᠷᠢᠮᠵᠢᠶᠠᠨ ᠳᠤ ᠬᠦᠷᠴᠡᠢ ᠃ | | |